  ᠬᠠᠢᠢᠯᠠᠰᠤᠠ ᠪᠡᠷ᠎ᠠ       
     ᠬᠦᠷᠢᠶ᠎ᠠ ᠬᠤᠰᠢᠭᠤ
   2021-02-22 15:38
   2021-05-29 15:03
   119948
   75

ᠮᠤᠩᠭᠤᠯ ᠰᠤᠲᠤᠯᠤᠯ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠢ ᠡᠮᠬᠢᠳᠭᠡᠨ ᠠᠰᠢᠬᠯᠠᠬᠤ ᠠᠵᠢᠯ ᠰᠢᠨ᠎ᠡ ᠲᠡᠭᠳᠡᠷ ᠲᠤ ᠭᠠᠷᠤᠯ᠎ᠠ

ᠮᠤᠩᠭᠤᠯ ᠰᠤᠲᠤᠯᠤᠯ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠢ ᠡᠮᠬᠢᠳᠭᠡᠨ ᠠᠰᠢᠬᠯᠠᠬᠤ ᠠᠵᠢᠯ ᠰᠢᠨ᠎ᠡ ᠲᠡᠭᠳᠡᠷ ᠲᠤ ᠭᠠᠷᠤᠯ᠎ᠠ
        4724     
2021-03-27 14:43    
发表于:内蒙古
1247 ᠤᠨ ᠳᠤ ᠦᠬᠡᠳᠡᠢ ᠬᠠᠭᠠᠨ ᠤ ᠬᠦᠪᠡᠬᠦᠨ ᠬᠦᠳᠡᠨ ᠨᠤᠶᠠᠨ᠂ ᠲᠦᠪᠡᠳ ᠤᠨ ᠰᠠᠰᠬᠢᠶ᠎ᠠ ᠪᠠᠨᠲᠢᠲᠠ ᠬᠦᠩᠭᠠᠵᠠᠯᠰᠠᠨ ᠲᠠᠢ ᠯᠢᠶᠠᠩᠵᠸᠦ ᠳᠤ ᠵᠤᠯᠭᠠᠭᠰᠠᠨ ᠠᠴᠠ ᠮᠤᠩᠭᠤᠯ ᠤᠷᠤᠨ ᠳᠤ ᠪᠤᠷᠬᠠᠨ ᠤ ᠱᠠᠰᠢᠨ ᠡᠬᠢᠯᠡᠨ ᠤᠯᠠᠮᠵᠢᠯᠠᠨ ᠲᠡᠯᠭᠡᠷᠡᠭᠰᠡᠨ ᠪᠠᠶᠢᠨ᠎ᠠ᠃ ᠡᠨᠡ ᠬᠦ ᠲᠡᠦᠭᠡᠨ ᠭᠡᠷᠡᠭ ᠶᠠᠪᠤᠲᠠᠯ ᠨᠢ ᠲᠡᠦᠭᠡ ᠰᠤᠲᠤᠯᠤᠬᠴᠢᠳ ᠤᠨ ᠬᠠᠷᠠᠭᠠᠨ ᠳᠠᠬᠢ ᠮᠤᠩᠭᠤᠯ ᠲᠦᠪᠡᠳ ᠬᠤᠶᠠᠷ ᠦᠨᠲᠦᠰᠦᠳᠡᠨ ᠤ ᠬᠠᠷᠢᠯᠴᠠᠭ᠎ᠠ ᠶᠠᠪᠤᠯᠴᠠᠭᠠᠨ ᠤ ᠡᠬᠢᠯᠡᠯᠳᠡ ᠪᠤᠯᠤᠬᠰᠠᠨ ᠪᠦᠬᠡᠳ ᠪᠠᠷᠤᠭ ᠯᠡ ᠡᠨᠡ ᠦᠶ᠎ᠡ ᠠᠴᠠ ᠡᠬᠢᠯᠡᠭᠡᠳ ᠮᠤᠩᠭᠤᠯᠴᠤᠳ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠤᠳ ᠪᠤᠢ ᠪᠤᠯᠤᠬᠰᠠᠨ ᠪᠢᠯᠡ᠃ ᠤᠯᠠᠨ ᠵᠠᠭᠤᠨ ᠤ ᠲᠤᠷᠰᠢ᠂ ᠮᠤᠩᠭᠤᠯᠴᠤᠳ ᠤᠨ ᠲᠡᠦᠭᠡ ᠪᠠ ᠰᠤᠶᠤᠯ ᠲᠠᠢ ᠬᠤᠯᠪᠤᠬᠲᠠᠬᠤ ᠨᠤᠮ ᠪᠢᠴᠢᠭ ᠲᠦᠪᠡᠳ ᠢᠶᠠᠷ ᠲᠠᠰᠤᠷᠠᠯᠲᠠ ᠦᠬᠡᠢ ᠵᠤᠬᠢᠶᠠᠨ ᠪᠦᠲᠦᠭᠡᠭᠳᠡᠵᠦ᠂ ᠮᠤᠩᠭᠤᠯ ᠯᠠᠮᠠ ᠡᠷᠳᠡᠮᠳᠡᠳ ᠤᠨ ᠤᠶᠤᠨ ᠤᠬᠠᠭᠠᠨ ᠤ ᠲᠠᠯᠠᠰᠲᠦ ᠪᠠ ᠲᠦᠪᠡᠳ ᠯᠠᠮᠠ ᠡᠷᠳᠡᠮᠳᠡᠳ ᠤᠨ ᠮᠤᠩᠭᠤᠯ ᠰᠤᠶᠤᠯ ᠲᠡᠦᠬᠡ ᠳᠤ ᠬᠠᠨᠲᠤᠭᠤᠯᠤᠬᠰᠠᠨ ᠲᠡᠮᠳᠡᠭᠯᠡᠯ ᠵᠤᠬᠢᠶᠠᠯ ᠤᠳ ᠨᠢ ᠮᠤᠩᠭᠤᠯ ᠰᠤᠲᠤᠯᠤᠯ ᠤᠨ ᠨᠢᠬᠡᠨ ᠤᠮᠲᠤᠭᠠᠶᠢᠯᠠᠵᠦ ᠪᠤᠯᠤᠰᠢ ᠦᠬᠡᠢ ᠴᠢᠬᠤᠯᠠ ᠬᠦᠷᠢᠶ᠎ᠡ ᠴᠠᠷᠠᠭ᠎ᠠ ᠪᠤᠯᠤᠬᠰᠠᠭᠠᠷ ᠢᠷᠡᠭᠰᠡᠨ ᠪᠢᠯᠡ᠃ ᠨᠢᠲᠤᠨᠤᠨ᠂ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠮᠤᠩᠭᠤᠯ ᠰᠤᠲᠤᠯᠤᠯ ᠤᠨ ᠲᠦᠪᠡᠳ ᠰᠤᠷᠪᠤᠯᠵᠢᠰ ᠰᠤᠲᠤᠯᠬᠤ ᠲᠦᠪ ᠪᠠᠶᠢᠭᠤᠯᠤᠬᠲᠠᠵᠦ᠂ ᠮᠠᠨ ᠤ ᠤᠯᠤᠰ ᠲᠤ ᠮᠤᠩᠭᠤᠯ ᠰᠤᠲᠤᠯᠤᠯ ᠲᠠᠢ ᠬᠤᠯᠪᠤᠭᠲᠠᠬᠤ ᠲᠦᠪᠡᠳ ᠰᠤᠷᠪᠤᠯᠵᠢ ᠪᠢᠴᠢᠭ ᠢ ᠰᠤᠲᠤᠯᠬᠤ ᠲᠤᠰᠬᠠᠢ ᠪᠠᠶᠢᠭᠤᠯᠤᠮᠵᠢ ᠦᠬᠡᠢ ᠪᠠᠶᠢᠬᠰᠠᠨ ᠬᠤᠭᠤᠰᠤᠨ ᠢ ᠨᠦᠬᠦᠪᠦᠷᠢᠯᠡᠵᠦ᠂ ᠮᠤᠩᠭᠤᠯ ᠰᠤᠲᠤᠯᠤᠯ ᠤᠨ ᠬᠦᠷᠢᠶ᠎ᠡ ᠴᠠᠷᠠᠭ᠎ᠠ ᠶᠢ ᠤᠯᠠᠮ ᠴᠠᠭᠠᠰᠢ ᠲᠡᠯᠡᠭᠰᠡᠨ ᠪᠢᠯᠡ᠃ ᠤᠲᠤ᠂ 800 ᠰᠢᠬᠠᠮ ᠵᠢᠯ ᠤᠨ ᠲᠡᠦᠬᠡ ᠶᠢᠨ ᠬᠤᠭ ᠲᠤᠭᠤᠰᠤᠨ ᠳᠤ ᠲᠠᠷᠤᠭᠲᠠᠵᠦ ᠪᠠᠶᠢᠬᠰᠠᠨ ᠮᠤᠩᠭᠤᠯ ᠰᠤᠲᠤᠯᠤᠯ ᠤᠨ ᠲᠦᠪᠡᠳ ᠬᠡᠯᠡᠨ ᠤ ᠰᠤᠷᠪᠤᠯᠵᠢᠰ᠂ ᠦᠶ᠎ᠡ ᠦᠶ᠎ᠡ ᠶᠢᠨ ᠡᠷᠳᠡᠮᠳᠡᠨ ᠰᠤᠲᠤᠯᠭᠠᠲᠠᠳ ᠤᠨ ᠬᠠᠶᠢᠨ ᠴᠤᠭᠯᠠᠭᠤᠯᠬᠤ᠂ ᠡᠮᠬᠢᠳᠭᠡᠨ ᠲᠦᠷᠦᠯᠵᠢᠬᠦᠯᠬᠦ᠂ ᠰᠢᠨᠵᠢᠯᠡᠨ ᠰᠤᠲᠤᠯᠬᠤ᠂ ᠲᠤᠭᠠᠴᠢᠯᠠᠭᠤᠯᠤᠨ ᠬᠦᠮᠦᠷᠭᠡᠯᠡᠬᠦ ᠪᠠᠷ ᠲᠠᠮᠵᠢᠨ᠂ ᠰᠤᠲᠤᠯᠭᠠᠨ ᠤ ᠲᠤᠰᠬᠠᠢ ᠪᠠᠶᠢᠭᠤᠯᠤᠮᠵᠢ ᠲᠠᠢ᠂ ᠰᠢᠨᠵᠢᠯᠡᠬᠡᠨ ᠤ ᠲᠤᠰᠬᠠᠢ ᠡᠩᠨᠡᠭᠡ ᠲᠠᠢ᠂ ᠰᠢᠨ᠎ᠡ ᠮᠡᠷᠭᠡᠵᠢᠯ ᠤᠨ ᠲᠡᠮᠵᠢᠯᠬᠡ ᠲᠠᠢ ᠪᠤᠯᠵᠦ᠂ ᠭᠡᠷᠡᠯ ᠰᠠᠴᠤᠷᠠᠩᠭᠤᠢ ᠦᠩᠭᠡ ᠬᠢᠯᠪᠠᠭ᠎ᠠ ᠪᠠᠨ ᠤᠯᠠᠮ ᠢᠶᠠᠷ ᠰᠠᠴᠤᠷᠠᠭᠤᠯᠵᠦ ᠪᠤᠢ ᠁ 800 ᠰᠢᠬᠠᠮ ᠵᠢᠯ ᠤᠨ ᠲᠡᠷᠳᠡᠭᠡ ᠠᠴᠠ ᠰᠢᠨ᠎ᠡ ᠵᠠᠭᠤᠨ ᠪᠤᠯᠲᠠᠯ᠎ᠠ ᠲᠤᠭᠤᠷᠪᠢᠬᠲᠠᠪᠠ ᠮᠤᠩᠭᠤᠯ ᠲᠦᠪᠡᠳ ᠬᠤᠶᠠᠷ ᠦᠨᠲᠦᠰᠦᠳᠡᠨ ᠤ ᠬᠠᠷᠢᠯᠴᠠᠭ᠎ᠠ ᠶᠠᠪᠤᠯᠴᠠᠭᠠᠨ ᠤ ᠲᠡᠦᠭᠡᠨ ᠤᠯᠠ ᠮᠦᠷ ᠢ ᠦᠭᠰᠦᠬᠦᠯᠦᠨ ᠮᠦᠷᠳᠡᠪᠡᠯ᠂ ᠶᠤᠸᠠᠨ᠂ ᠮᠢᠩ᠂ ᠴᠢᠩ᠂ ᠴᠠᠭᠠᠰᠢᠯᠠᠭᠠᠳ ᠨᠡᠩ ᠡᠷᠳᠡ ᠴᠠᠭ ᠦᠶ᠎ᠡ ᠲᠠᠢ ᠬᠤᠯᠪᠤᠬᠲᠠᠬᠤ ᠪᠤᠯᠤᠨ᠎ᠠ᠃ ᠬᠡᠯᠡ ᠰᠤᠶᠤᠯ᠂ ᠵᠠᠩ ᠦᠢᠯᠡ᠂ ᠰᠢᠲᠦᠯᠬᠡ ᠪᠢᠰᠢᠷᠡᠯ ᠢᠶᠠᠷ ᠪᠦᠷ ᠠᠳᠠᠯᠢ ᠪᠤᠰᠤ ᠡᠨᠡ ᠬᠤᠶᠠᠷ ᠦᠨᠲᠦᠰᠦᠳᠡᠨ 13 ᠳ᠋ᠤᠭᠠᠷ ᠵᠠᠭᠤᠨ ᠤ ᠦᠶ᠎ᠡ ᠳᠤ ᠤᠲᠤ ᠶᠢᠨ ᠭᠠᠨᠰᠦ ᠮᠤᠵᠢ᠂ ᠬᠦᠬᠡᠨᠠᠭᠤᠷ ᠮᠤᠵᠢ ᠶᠢᠨ ᠭᠡᠰᠡᠭ ᠢᠶᠠᠷ᠂ ᠤᠯᠤᠰ ᠲᠦᠷᠦ᠂ ᠱᠠᠰᠢᠨ ᠰᠤᠷᠲᠠᠬᠤᠨ᠂ ᠴᠡᠷᠢᠭ ᠤᠨ ᠶᠠᠪᠤᠲᠠᠯ ᠵᠡᠷᠭᠡ ᠤᠯᠠᠨ ᠲᠠᠯ᠎ᠠ ᠪᠠᠷ ᠬᠠᠷᠢᠯᠴᠠᠵᠦ ᠡᠬᠢᠯᠡᠭᠰᠡᠨ ᠪᠠᠶᠢᠨ᠎ᠠ᠃ ᠬᠦᠳᠡᠨ ᠨᠤᠶᠠᠨ ᠪᠠ ᠬᠦᠩᠭᠠᠵᠠᠯᠰᠠᠨ ᠤ ᠯᠢᠶᠠᠩᠵᠸᠦ ᠳᠠᠬᠢ ᠠᠭᠤᠯᠵᠠᠯᠲᠠ᠂ ᠬᠤᠪᠢᠯᠠᠢ ᠬᠠᠭᠠᠨ ᠪᠤᠯᠤᠨ ᠫᠠᠭᠪᠠ ᠯᠠᠮᠠ ᠶᠢᠨ ᠯᠢᠦ ᠫᠠᠨ ᠱᠠᠨ ᠳᠠᠬᠢ ᠠᠭᠤᠯᠵᠠᠯᠲᠠ᠂ ᠠᠯᠲᠠᠨ ᠬᠠᠭᠠᠨ ᠪᠠ ᠰᠤᠳᠨᠠᠮᠵᠠᠮᠰᠦ ᠶᠢᠨ ᠬᠦᠬᠡᠨᠠᠭᠤᠷ ᠲᠠᠬᠢ ᠠᠭᠤᠯᠵᠠᠯᠲᠠ᠂ ᠬᠦᠱᠢ ᠬᠠᠭᠠᠨ ᠪᠠ ᠠᠸᠠᠩᠯᠤᠪᠰᠠᠩᠵᠠᠮᠰᠦ ᠶᠢᠨ ᠲᠦᠪᠡᠳ ᠲᠠᠬᠢ ᠠᠭᠤᠯᠵᠠᠯᠲᠠ ᠁ ᠲᠡᠦᠭᠡᠨ ᠳᠤ ᠲᠡᠮᠳᠡᠭᠯᠡᠭᠳᠡᠵᠦ ᠰᠤᠲᠤᠷ ᠲᠤ ᠪᠢᠴᠢᠭᠳᠡᠭᠰᠡᠨ ᠡᠳᠡᠭᠡᠷ ᠤᠯᠠᠨ ᠲᠡᠦᠭᠡᠨ ᠭᠡᠷᠡᠭ ᠶᠠᠪᠤᠲᠠᠯ ᠨᠢ ᠬᠤᠶᠠᠷ ᠦᠨᠲᠦᠰᠦᠳᠡᠨ ᠤ ᠬᠤᠭᠤᠷᠤᠨᠲᠦᠬᠢ ᠬᠡᠯᠡ ᠰᠤᠶᠤᠯ ᠤᠨ ᠰᠤᠯᠢᠯᠴᠠᠭ᠎ᠠ᠂ ᠦᠨᠲᠦᠰᠦᠳᠡᠨ ᠤ ᠬᠠᠷᠢᠯᠴᠠᠭ᠎ᠠ᠂ ᠱᠠᠰᠢᠨ ᠰᠤᠷᠲᠠᠬᠤᠨ ᠤ ᠨᠡᠪᠴᠢᠯᠳᠡ ᠵᠡᠷᠭᠡ ᠶᠢ ᠲᠦᠷᠭᠡᠳᠭᠡᠭᠰᠡᠨ ᠮᠦᠷᠳᠡᠭᠡᠨ ᠮᠤᠩᠭᠤᠯᠴᠤᠳ ᠤᠨ ᠲᠡᠦᠭᠡ ᠰᠤᠶᠤᠯ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠤᠨ ᠪᠤᠢ ᠪᠤᠯᠵᠦ ᠲᠡᠯᠭᠡᠷᠡᠬᠦ ᠳᠤ ᠴᠦ ᠲᠦᠯᠬᠢᠴᠡ ᠦᠢᠯᠡᠲᠦᠯ ᠦᠵᠡᠬᠦᠯᠵᠡᠢ᠃ ᠮᠤᠩᠭᠤᠯ ᠰᠤᠲᠤᠯᠤᠯ ᠲᠠᠢ ᠬᠤᠯᠪᠤᠭᠳᠠᠬᠤ ᠲᠦᠪᠡᠳ ᠰᠤᠷᠪᠤᠯᠵᠢ ᠪᠢᠴᠢᠭ ᠤᠨ ᠪᠤᠢ ᠪᠤᠯᠵᠦ ᠲᠡᠯᠭᠡᠷᠡᠭᠰᠡᠨ ᠰᠢᠯᠲᠠᠭᠠᠨ ᠳᠤ᠂ ᠦᠨᠲᠦᠰᠦᠳᠡᠨ ᠤ ᠬᠤᠭᠤᠷᠤᠨᠲᠦᠬᠢ ᠬᠠᠷᠢᠯᠴᠠᠭ᠎ᠠ ᠰᠤᠯᠢᠯᠴᠠᠭ᠎ᠠ ᠠᠴᠠ ᠭᠠᠲᠠᠨ᠎ᠠ᠂ ᠪᠤᠷᠬᠠᠨ ᠱᠠᠰᠢᠨ ᠤ ᠨᠡᠪᠴᠢᠯᠳᠡ ᠮᠠᠰᠢ ᠴᠢᠬᠤᠯᠠ ᠦᠢᠯᠡᠲᠦᠯ ᠦᠵᠡᠬᠦᠯᠦᠭᠰᠡᠨ ᠪᠠᠶᠢᠨ᠎ᠠ᠃ ᠲᠤᠬᠠᠢ ᠶᠢᠨ ᠦᠶ᠎ᠡ ᠳᠤ᠂ ᠮᠠᠰᠢ ᠤᠯᠠᠨ ᠮᠤᠩᠭᠤᠯ ᠯᠠᠮᠠ ᠬᠤᠸᠠᠷᠠᠭ ᠲᠦᠪᠡᠳ ᠤᠨ ᠰᠦᠮ᠎ᠡ ᠬᠡᠶᠢᠳ ᠲᠤ 2᠎ ᠠᠴᠠ 3 ᠵᠢᠯ᠂ ᠴᠠᠭᠠᠰᠢᠯᠠᠪᠠᠯ 10᠎ ᠠᠴᠠ 20 ᠵᠢᠯ᠂ ᠲᠡᠷᠡᠴᠢᠯᠡᠨ ᠨᠢᠬᠡ ᠨᠠᠰᠦ ᠪᠠᠷ ᠢᠶᠠᠨ ᠰᠠᠭᠤᠵᠦ᠂ ᠲᠦᠪᠡᠳ ᠬᠡᠯᠡ ᠰᠤᠷᠴᠦ᠂ ᠰᠤᠲᠤᠷ ᠨᠤᠮ ᠳᠤ ᠰᠢᠮᠲᠠᠨ᠂ ᠯᠾᠠᠷᠠᠮᠪᠠ᠂ ᠷᠠᠪᠵᠠᠮᠪᠠ᠂ ᠭᠠᠪᠴᠦ ᠵᠡᠷᠭᠡ ᠡᠷᠳᠡᠮ ᠤᠨ ᠴᠤᠯᠠ ᠤᠯᠵᠦ ᠪᠠᠶᠢᠬᠰᠠᠨ᠃ ᠡᠬᠦᠨ ᠠᠴᠠ ᠭᠠᠲᠠᠨ᠎ᠠ᠂ ᠲᠤᠬᠠᠢ ᠶᠢᠨ ᠦᠶ᠎ᠡ ᠶᠢᠨ ᠬᠦᠮᠦᠰ ᠲᠦᠪᠡᠳ ᠦᠰᠦᠭ ᠢ ᠪᠤᠷᠬᠠᠨ ᠤ ᠦᠰᠦᠭ ᠭᠡᠮᠡᠨ ᠦᠵᠡᠵᠦ᠂ ᠵᠦᠪᠭᠡᠨ ᠲᠦᠪᠡᠳ ᠢᠶᠠᠷ ᠰᠤᠲᠤᠷ ᠨᠤᠮ ᠪᠢᠴᠢᠪᠡᠯ ᠰᠠᠶ᠋ᠢ ᠰᠦᠰᠦᠭ ᠢᠶᠠᠨ ᠬᠦᠢᠴᠡᠳᠭᠡᠵᠦ ᠴᠢᠲᠠᠨ᠎ᠠ ᠭᠡᠵᠦ ᠢᠳᠡᠭᠡᠳᠡᠭ ᠪᠠᠶᠢᠪᠠ᠂ ᠢᠩᠬᠢᠭᠡᠳ ᠮᠤᠩᠭᠤᠯ ᠯᠠᠮᠠ ᠡᠷᠳᠡᠮᠳᠡᠳ ᠤᠨ ᠲᠦᠪᠡᠳ ᠢᠶᠠᠷ ᠲᠤᠭᠤᠷᠪᠢᠬᠰᠠᠨ ᠵᠤᠬᠢᠶᠠᠯ ᠪᠦᠲᠦᠭᠡᠯ ᠦᠯᠡᠮᠵᠢ ᠤᠯᠠᠨ ᠲᠡᠯᠭᠡᠷᠡᠭᠰᠡᠨ ᠶᠤᠮ ᠭᠡᠵᠦ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠤᠩᠭᠤᠯ ᠰᠤᠲᠤᠯᠤᠯ ᠤᠨ ᠲᠦᠪᠡᠳ ᠰᠤᠷᠪᠤᠯᠵᠢᠰ ᠰᠤᠲᠤᠯᠬᠤ ᠲᠦᠪ ᠤᠨ ᠡᠷᠬᠢᠯᠡᠭᠴᠢ ᠱᠦ ᠯᠢᠨ ᠶᠠᠷᠢᠨ᠎ᠠ᠃ ᠮᠤᠩᠭᠤᠯ ᠰᠤᠲᠤᠯᠤᠯ ᠤᠨ ᠲᠦᠪᠡᠳ ᠬᠡᠯᠡᠨ ᠤ ᠰᠤᠷᠪᠤᠯᠵᠢ ᠪᠢᠴᠢᠭ ᠲᠤ ᠮᠤᠩᠭᠤᠯᠴᠤᠳ ᠤᠨ ᠲᠦᠪᠡᠳ ᠬᠡᠯᠡ ᠪᠠᠷ ᠲᠤᠭᠤᠷᠪᠢᠨ ᠪᠢᠴᠢᠭᠰᠡᠨ ᠰᠤᠷᠪᠤᠯᠵᠢ ᠪᠢᠴᠢᠭ᠂ ᠲᠦᠪᠡᠳᠴᠤᠳ ᠤᠨ ᠪᠢᠴᠢᠭᠰᠡᠨ ᠮᠤᠩᠭᠤᠯ ᠰᠤᠲᠤᠯᠤᠯ ᠤᠨ ᠬᠠᠮᠢᠶ᠎ᠠ ᠲᠠᠢ ᠠᠭᠤᠯᠭ᠎ᠠ ᠪᠦᠬᠦᠢ ᠰᠤᠷᠪᠤᠯᠵᠢ ᠪᠢᠴᠢᠭ ᠪᠠᠭᠲᠠᠵᠦ ᠪᠠᠶᠢᠬᠤ ᠪᠠᠷ ᠦᠯᠦ ᠪᠠᠷᠠᠮ ᠪᠠᠰᠠ ᠰᠠᠨᠰᠺᠷᠢᠲ ᠬᠡᠯᠡᠨ ᠠᠴᠠ ᠲᠦᠪᠡᠳ ᠬᠡᠯᠡᠨ ᠳᠤ ᠤᠷᠴᠢᠭᠤᠯᠤᠬᠰᠠᠨ ᠪᠤᠷᠬᠠᠨ ᠤ ᠰᠤᠲᠤᠷ ᠢ ᠴᠦ ᠪᠠᠭᠲᠠᠭᠠᠵᠦ ᠪᠠᠶᠢᠲᠠᠭ᠃ ᠪᠦᠷᠢᠨ ᠪᠤᠰᠤ ᠪᠦᠷᠢᠳᠭᠡᠯ ᠢ ᠦᠨᠲᠦᠰᠦᠯᠡᠪᠡᠯ᠂ ᠲᠡᠦᠭᠡᠨ ᠲᠡᠭᠡᠷ᠎ᠡ ᠨᠡᠶᠢᠳᠡ 500 ᠭᠠᠷᠤᠢ ᠮᠤᠩᠭᠤᠯ ᠯᠠᠮᠠ ᠡᠷᠳᠡᠮᠳᠡᠳ ᠲᠦᠪᠡᠳ ᠢᠶᠠᠷ ᠵᠤᠬᠢᠶᠠᠯ ᠪᠦᠲᠦᠭᠡᠯ ᠲᠤᠭᠤᠷᠪᠢᠨ ᠪᠢᠴᠢᠭᠰᠡᠨ ᠪᠠᠶᠢᠲᠠᠭ᠂ ᠡᠳᠡᠭᠡᠷ ᠵᠤᠬᠢᠶᠠᠯ ᠪᠦᠲᠦᠭᠡᠯ ᠨᠢ ᠲᠠᠭᠤᠨ ᠤᠬᠠᠭᠠᠨ᠂ ᠲᠤᠲᠤᠭᠠᠲᠦ ᠤᠬᠠᠭᠠᠨ᠂ ᠨᠤᠲᠠᠯᠠᠬᠤᠢ ᠤᠬᠠᠭᠠᠨ᠂ ᠤᠷᠠᠯᠠᠬᠤᠢ ᠤᠬᠠᠭᠠᠨ᠂ ᠲᠡᠵᠢᠬᠡᠬᠦᠢ ᠤᠬᠠᠭᠠᠨ ᠭᠡᠬᠦ ᠶᠡᠭᠡ ᠲᠠᠪᠤᠨ ᠤᠬᠠᠭᠠᠨ ᠪᠠ ᠵᠤᠬᠢᠰᠲᠦ ᠠᠶᠠᠯᠭᠤ᠂ ᠬᠤᠯᠪᠤᠨ ᠨᠠᠶᠢᠷᠠᠭᠤᠯᠭ᠎ᠠ᠂ ᠢᠯᠡᠳᠳᠡ ᠦᠬᠦᠯᠡᠬᠦᠢ᠂ ᠲᠠᠭᠤᠤᠷᠢ᠂ ᠤᠲᠤᠨ ᠵᠢᠷᠤᠬᠠᠢ ᠭᠡᠬᠦ ᠪᠠᠭ᠎ᠠ ᠲᠠᠪᠤᠨ ᠤᠬᠠᠭᠠᠨ ᠲᠡᠷᠢᠬᠦᠳᠡᠨ ᠢ ᠬᠠᠮᠤᠷᠴᠦ᠂ ᠤᠲᠤ ᠶᠢᠨ ᠬᠠᠷᠡᠴᠨᠨ ᠳᠠᠬᠢ ᠲᠡᠦᠭᠡ᠂ ᠬᠦᠨ ᠤᠬᠠᠭᠠᠨ᠂ ᠯᠤᠬᠢᠭ ᠵᠦᠢ᠂ ᠪᠤᠷᠬᠠᠨ ᠤ ᠱᠠᠰᠢᠨ ᠤ ᠤᠬᠠᠭᠠᠨ᠂ ᠤᠳᠬ᠎ᠠ ᠵᠤᠬᠢᠶᠠᠯ᠂ ᠤᠳᠬ᠎ᠠ ᠵᠤᠬᠢᠶᠠᠯ ᠤᠨ ᠤᠨᠤᠯ᠂ ᠬᠡᠯᠡᠨ ᠵᠦᠢ᠂ ᠠᠨᠠᠭᠠᠬᠤ ᠤᠬᠠᠭᠠᠨ᠂ ᠤᠲᠤᠨ ᠤᠷᠤᠨ ᠤ ᠤᠬᠠᠭᠠᠨ᠂ ᠪᠠᠷᠢᠮᠠᠯ ᠰᠡᠶᠢᠯᠦᠮᠡᠯ᠂ ᠵᠠᠩ ᠦᠢᠯᠡ ᠵᠡᠷᠭᠡ ᠤᠯᠠᠨ ᠰᠢᠨᠵᠢᠯᠡᠬᠡᠨ ᠤ ᠰᠠᠯᠠᠭ᠎ᠠ ᠶᠢ ᠪᠠᠭᠲᠠᠭᠠᠲᠠᠭ᠃ ᠪᠠᠷᠤᠭ 8 ᠳ᠋ᠤᠭᠠᠷ ᠵᠠᠭᠤᠨ ᠠᠴᠠ ᠡᠬᠢᠯᠡᠭᠡᠳ ᠲᠦᠪᠡᠳᠴᠤᠳ ᠲᠦᠪᠡᠳ ᠬᠡᠯᠡ ᠪᠠᠷ ᠵᠤᠬᠢᠶᠠᠯ ᠪᠦᠲᠦᠭᠡᠯ ᠲᠤᠭᠤᠷᠪᠢᠵᠦ ᠡᠬᠢᠯᠡᠭᠰᠡᠨ ᠪᠠᠶᠢᠨ᠎ᠠ᠂ ᠲᠡᠲᠡᠨᠤᠰ ᠤᠨ ᠪᠢᠴᠢᠭᠰᠡᠨ ᠲᠠᠯᠠᠢ ᠤᠯᠠᠨ ᠰᠦᠮᠪᠦᠮ ᠵᠤᠬᠢᠶᠠᠯ ᠪᠠ ᠪᠤᠰᠤᠳ ᠲᠠᠩᠰᠠ ᠡᠪᠬᠡᠮᠡᠯ ᠲᠤᠲᠤᠷ᠎ᠠ ᠮᠤᠩᠭᠤᠯᠴᠤᠳ ᠤᠨ ᠲᠡᠦᠭᠡ ᠰᠤᠶᠤᠯ ᠲᠠᠢ ᠬᠤᠯᠪᠤᠬᠲᠠᠬᠰᠠᠨ ᠵᠦᠢᠯ ᠤᠯᠠᠨ ᠪᠠᠶᠢᠨ᠎ᠠ᠂ ᠨᠡᠩ ᠴᠦ ᠰᠠᠨᠰᠺᠷᠢᠲ ᠬᠡᠯᠡᠨ ᠠᠴᠠ ᠲᠦᠪᠡᠳ ᠬᠡᠯᠡᠨ ᠳᠤ ᠤᠷᠴᠢᠭᠤᠯᠤᠬᠰᠠᠨ ᠭᠠᠨᠵᠤᠤᠷ᠂ ᠳ᠋ᠠᠨᠵᠤᠤᠷ ᠵᠡᠷᠭᠡ ᠰᠤᠷᠪᠤᠯᠵᠢ ᠪᠢᠴᠢᠭ ᠨᠢ ᠮᠤᠩᠭᠤᠯ ᠲᠦᠪᠡᠳ ᠬᠤᠶᠠᠷ ᠦᠨᠲᠦᠰᠦᠳᠡᠨ ᠤ ᠰᠤᠶᠤᠯ ᠲᠡᠦᠭᠡ ᠶᠢ ᠰᠤᠲᠤᠯᠬᠤ ᠳᠤ ᠤᠯᠲᠠᠰᠢ ᠦᠬᠡᠢ ᠬᠤᠪᠤᠷ ᠮᠠᠲ᠋ᠧᠷᠢᠶᠠᠯ ᠪᠤᠯᠤᠬᠰᠠᠨ ᠰᠢᠦ ᠭᠡᠵᠦ ᠱᠦ ᠯᠢᠨ ᠲᠠᠨᠢᠯᠴᠠᠭᠤᠯᠤᠨ᠎ᠠ᠃ ᠤᠲᠤ ᠤᠯᠲᠠᠭᠠᠳ ᠪᠠᠶᠢᠭ᠎ᠠ ᠬᠠᠮᠤᠭ ᠤᠨ ᠡᠷᠳᠡᠨ ᠤ ᠲᠦᠪᠡᠳ ᠬᠡᠯᠡ ᠪᠠᠷ ᠪᠢᠴᠢᠭᠳᠡᠭᠰᠡᠨ ᠮᠤᠩᠭᠤᠯ ᠰᠤᠲᠤᠯᠤᠯ ᠤᠨ ᠰᠤᠷᠪᠤᠯᠵᠢ ᠪᠢᠴᠢᠭ ᠪᠤᠯ 1249 ᠤᠨ ᠳᠤ ᠪᠢᠴᠢᠭᠳᠡᠭᠰᠡᠨ ᠰᠠᠰᠬᠢᠶ᠎ᠠ ᠪᠠᠨᠲᠢᠲᠠ ᠬᠦᠩᠭᠠᠵᠠᠯᠰᠠᠨ ᠤ ᠲᠦᠪᠡᠳ ᠤᠨ ᠪᠤᠶᠠᠨ ᠤ ᠰᠠᠲᠦᠨ ᠲᠡᠭᠡᠲᠦ ᠲᠦᠷᠦᠯᠬᠢᠳᠡᠨ ᠵᠢᠴᠢ ᠤᠯᠠᠨ ᠦᠭᠯᠢᠬᠡ ᠶᠢᠨ ᠡᠵᠡᠨ ᠳᠤᠷ ᠦᠭᠬᠦᠭᠰᠡᠨ ᠪᠢᠴᠢᠭ ᠪᠤᠯᠤᠨ᠎ᠠ᠃ ᠰᠤᠲᠤᠯᠭᠠᠲᠠᠳ ᠡᠬᠦᠨ ᠢ ᠰᠤᠷᠪᠤᠯᠵᠢ ᠪᠢᠴᠢᠭ ᠲᠤ ᠲᠤᠲᠤᠷᠬᠠᠢ ᠲᠡᠮᠳᠡᠭᠯᠡᠭᠳᠡᠭᠰᠡᠨ ᠬᠠᠮᠤᠭ ᠤᠨ ᠡᠷᠳᠡᠨ ᠤ ᠮᠤᠩᠭᠤᠯ ᠰᠤᠲᠤᠯᠤᠯ ᠲᠠᠢ ᠬᠤᠯᠪᠤᠭᠲᠠᠬᠤ ᠮᠠᠲ᠋ᠧᠷᠢᠶᠠᠯ ᠭᠡᠵᠦ ᠦᠵᠡᠳᠡᠭ ᠪᠤᠯᠪᠠᠴᠦ ᠡᠬᠦᠨ ᠠᠴᠠ ᠡᠮᠦᠨ᠎ᠡ ᠪᠠᠰᠠ ᠪᠤᠰᠤᠳ ᠰᠤᠷᠪᠤᠯᠵᠢ ᠲᠡᠮᠳᠡᠭᠯᠡᠯ ᠪᠠᠶᠢᠵᠦ ᠮᠡᠳᠡᠬᠦ ᠪᠦᠬᠡᠳ ᠵᠦᠪᠭᠡᠨ ᠤᠲᠤ ᠬᠠᠷᠠᠬᠠᠨ ᠢᠯᠡᠷᠡᠬᠦᠯᠦᠬᠡ ᠦᠬᠡᠢ ᠲᠡᠲᠦᠢ ᠪᠠᠶᠢᠵᠦ ᠮᠡᠳᠡᠨ᠎ᠡ᠃ ᠮᠤᠩᠭᠤᠯᠴᠤᠳ ᠤᠨ ᠲᠦᠪᠡᠳ ᠬᠡᠯᠡ ᠪᠠᠷ ᠪᠢᠴᠢᠭᠰᠡᠨ ᠬᠠᠮᠤᠭ ᠤᠨ ᠡᠷᠳᠡᠨ ᠤ ᠰᠤᠷᠪᠤᠯᠵᠢ ᠪᠢᠴᠢᠭ ᠪᠤᠯ 13 ᠳ᠋ᠤᠭᠠᠷ ᠵᠠᠭᠤᠨ ᠤ ᠰᠡᠬᠦᠯᠴᠢ 14 ᠳ᠋ᠤᠭᠡᠷ ᠵᠠᠭᠤᠨ ᠤ ᠡᠬᠢᠨ ᠳᠤ ᠴᠦᠢᠵᠢᠠᠤᠳᠰᠠᠷ ᠤᠨ ᠪᠢᠴᠢᠭᠰᠡᠨ ᠪᠤᠷᠬᠠᠨ ᠤ 12 ᠵᠤᠬᠢᠶᠠᠩᠭᠤᠢ ᠬᠡᠮᠡᠬᠦ ᠨᠤᠮ ᠪᠤᠯᠬᠤ ᠶᠤᠮ᠃ ᠡᠨᠡ ᠨᠤᠮ ᠢ ᠰᠢᠷᠠᠪᠰᠡᠩᠭᠡ ᠮᠤᠩᠭᠤᠯ ᠢᠶᠠᠷ ᠤᠷᠴᠢᠭᠤᠯᠤᠬᠰᠠᠨ ᠶᠤᠮ᠂ ᠬᠡᠪᠡᠴᠦ ᠤᠲᠤ ᠪᠤᠯᠲᠠᠯ᠎ᠠ ᠮᠤᠩᠭᠤᠯ ᠤᠷᠴᠢᠭᠤᠯᠭ᠎ᠠ ᠶᠢ ᠨᠢ ᠤᠯᠤᠭᠰᠠᠨ ᠠᠴᠠ ᠪᠢᠰᠢ᠂ ᠲᠦᠪᠡᠳ ᠡᠬᠡ ᠶᠢ ᠨᠢ ᠤᠯᠤᠭᠠᠲᠤᠢ ᠪᠠᠶᠢᠬᠰᠠᠭᠠᠷ᠃ ᠡᠬᠦᠨ ᠠᠴᠠ ᠨᠠᠭᠠᠰᠢ ᠤᠯᠠᠨ ᠦᠶ᠎ᠡ ᠶᠢᠨ ᠮᠤᠩᠭᠤᠯ ᠯᠠᠮᠠ ᠡᠷᠳᠡᠮᠳᠡᠳ ᠲᠦᠪᠡᠳ ᠢᠶᠠᠷ ᠲᠤᠭᠤᠷᠪᠢᠬᠰᠠᠭᠠᠷ ᠢᠷᠡᠭᠰᠡᠨ ᠪᠦᠬᠡᠳ ᠰᠢᠨ᠎ᠠ ᠵᠠᠭᠤᠨ ᠬᠦᠷᠳᠡᠯ᠎ᠡ ᠪᠡᠭᠡᠵᠢᠩ ᠤᠨ ᠨᠠᠶᠢᠷᠠᠯᠲᠦ ᠨᠠᠶᠢᠷᠠᠮᠲᠠᠭᠤ ᠤᠷᠲᠤᠨ ᠤ ᠤᠤᠯ ᠤᠨ ᠬᠠᠮᠪᠦ ᠯᠠᠮᠠ ᠵᠠᠮᠢᠶᠠᠨᠲᠦ᠋ᠪᠳᠡᠨ᠂ ᠠᠷᠪᠠᠨ ᠨᠢᠬᠡᠲᠦᠭᠡᠷ ᠲᠦᠷᠢ ᠶᠢᠨ ᠤᠯᠠᠭᠠᠨ ᠭᠡᠭᠡᠨ ᠭᠠᠯᠰᠠᠩᠬᠠᠢᠢᠷᠤᠪᠲᠠᠮᠪᠢᠨᠢᠮ᠎ᠠ ᠨᠠᠷ ᠲᠦᠪᠡᠳ ᠢᠶᠠᠷ ᠵᠤᠬᠢᠶᠠᠯ ᠪᠦᠲᠦᠭᠡᠯ ᠲᠤᠭᠤᠷᠪᠢᠵᠦ ᠪᠠᠶᠢᠬᠰᠠᠨ ᠶᠤᠮ ᠭᠡᠵᠦ ᠱᠦ ᠯᠢᠨ ᠶᠠᠷᠢᠨ᠎ᠠ᠃ 70 ᠵᠢᠯ ᠤᠨ ᠰᠤᠲᠤᠯᠭᠠᠨ ᠲᠠᠷᠲᠠᠩ ᠵᠠᠮ ᠢᠶᠠᠨ ᠡᠯᠬᠦᠯ᠎ᠡ 2019 ᠤᠨ ᠤ 11 ᠰᠠᠷ᠎ᠠ ᠶᠢᠨ 20᠎ ᠤ ᠡᠲᠦᠷ᠂ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ᠂ ᠮᠤᠩᠭᠤᠯ ᠰᠤᠲᠤᠯᠤᠯ ᠤᠨ ᠲᠦᠪᠡᠳ ᠰᠤᠷᠪᠤᠯᠵᠢᠰ ᠰᠤᠲᠤᠯᠬᠤ ᠲᠦᠪ ᠤᠨ ᠫᠠᠶᠢᠰᠠ ᠰᠡᠬᠦᠬᠦ ᠶᠤᠰᠤᠯᠠᠯ ᠪᠠ ᠶᠠᠷᠢᠯᠴᠠᠬᠤ ᠬᠤᠷᠠᠯ ᠶᠠᠪᠤᠭᠲᠠᠪᠠ᠃ ᠮᠤᠩᠭᠤᠯ ᠰᠤᠲᠤᠯᠤᠯ ᠳᠤ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠪᠠ ᠲᠠᠩᠰᠠ ᠡᠪᠬᠡᠮᠡᠯ ᠢ ᠠᠭᠤᠲᠠᠯᠤᠨ ᠢᠯᠡᠷᠡᠬᠦᠯᠬᠦ᠂ ᠡᠮᠬᠢᠳᠭᠡᠨ ᠲᠦᠷᠦᠯᠵᠢᠬᠦᠯᠬᠦ ᠪᠠ ᠰᠤᠲᠤᠯᠤᠨ ᠰᠢᠨᠵᠢᠯᠡᠬᠦ ᠪᠠᠷ ᠵᠤᠷᠢᠯᠭ᠎ᠠ ᠪᠠᠨ ᠪᠤᠯᠭᠠᠭᠰᠠᠨ ᠲᠤᠰ ᠪᠠᠶᠢᠭᠤᠯᠤᠮᠵᠢ ᠨᠢ ᠮᠤᠩᠭᠤᠯ ᠰᠤᠲᠤᠯᠤᠯ ᠤᠨ ᠠᠭᠤᠯᠭ᠎ᠠ ᠶᠢ ᠲᠡᠯᠡᠵᠦ᠂ ᠠᠭᠤᠯᠬᠤᠨ ᠢ ᠨᠢ ᠪᠠᠶᠠᠯᠢᠭᠵᠢᠭᠤᠯᠵᠦ᠂ ᠮᠠᠨ ᠤ ᠤᠯᠤᠰ ᠲᠤ ᠮᠤᠩᠭᠤᠯ ᠰᠤᠲᠤᠯᠤᠯ ᠲᠠᠢ ᠬᠤᠯᠪᠤᠭᠲᠠᠬᠤ ᠲᠦᠪᠡᠳ ᠰᠤᠷᠪᠤᠯᠵᠢ ᠪᠢᠴᠢᠭ ᠢ ᠰᠤᠲᠤᠯᠬᠤ ᠲᠤᠰᠬᠠᠢ ᠪᠠᠶᠢᠭᠤᠯᠤᠮᠵᠢ ᠦᠬᠡᠢ ᠪᠠᠶᠢᠬᠰᠠᠨ ᠬᠤᠭᠤᠰᠤᠨ ᠢ ᠨᠦᠬᠦᠪᠦᠷᠢᠯᠡᠭᠰᠡᠨ ᠪᠢᠯᠡ᠃ ᠮᠠᠨ ᠤ ᠰᠤᠲᠤᠯᠬᠤ ᠲᠦᠪ ᠭᠤᠤᠯᠲᠠᠭᠤ ᠮᠤᠩᠭᠤᠯᠴᠤᠳ ᠤᠨ ᠲᠦᠪᠡᠳ ᠢᠶᠠᠷ ᠲᠤᠭᠤᠷᠪᠢᠬᠰᠠᠨ ᠤᠳᠬ᠎ᠠ ᠵᠤᠬᠢᠶᠠᠯ ᠪᠠ ᠤᠳᠬ᠎ᠠ ᠵᠤᠬᠢᠶᠠᠯ ᠤᠨ ᠤᠨᠤᠯ ᠤᠨ ᠰᠤᠲᠤᠯᠭᠠᠨ ᠳᠤ ᠰᠠᠭᠤᠷᠢᠯᠠᠵᠦ᠂ ᠮᠤᠩᠭᠤᠯ ᠦᠨᠲᠦᠰᠦᠳᠡᠨ ᠤ ᠪᠤᠷᠬᠠᠨ ᠱᠠᠰᠢᠨ ᠤ ᠲᠡᠦᠭᠡ ᠶᠢᠨ ᠰᠤᠲᠤᠯᠭᠠᠨ᠂ ᠮᠤᠩᠭᠤᠯ ᠲᠦᠪᠡᠳ ᠬᠠᠷᠢᠴᠠᠭᠤᠯᠤᠬᠰᠠᠨ ᠭᠡᠰᠡᠷ᠎ ᠤᠨ ᠰᠤᠲᠤᠯᠤᠯ᠂ ᠭᠠᠨᠵᠤᠤᠷ᠂ ᠳ᠋ᠠᠨᠵᠤᠤᠷ᠎ ᠤᠨ ᠰᠤᠲᠤᠯᠭᠠᠨ᠂ ᠮᠤᠩᠭᠤᠯ ᠲᠦᠪᠡᠳ ᠠᠨᠠᠭᠠᠬᠤ ᠤᠬᠠᠭᠠᠨ ᠤ ᠰᠤᠲᠤᠯᠭᠠᠨ ᠵᠡᠷᠭᠡ ᠬᠦᠷᠢᠶ᠎ᠡ ᠴᠠᠷᠠᠭ᠎ᠠ ᠳᠤ ᠠᠭᠠᠵᠢᠮ ᠢᠶᠠᠷ ᠬᠦᠨᠵᠡᠭᠡᠶᠢᠷᠡᠬᠦ ᠪᠤᠯᠤᠨ᠎ᠠ ᠭᠡᠵᠦ ᠱᠦ ᠯᠢᠨ ᠰᠤᠲᠤᠯᠬᠤ ᠲᠦᠪ ᠤᠨ ᠢᠶᠠᠨ ᠪᠠᠶᠢᠲᠠᠯ ᠢ ᠲᠠᠨᠢᠯᠴᠠᠭᠤᠯᠪᠠ᠃ ᠰᠤᠷᠪᠤᠯᠵᠢ ᠪᠢᠴᠢᠭ ᠡᠮᠬᠢᠳᠭᠡᠨ ᠴᠤᠭᠯᠠᠭᠤᠯᠬᠤ ᠪᠠ ᠰᠤᠲᠤᠯᠬᠤ ᠪᠤᠯ ᠲᠤᠰ ᠪᠠᠶᠢᠭᠤᠯᠤᠮᠵᠢ ᠶᠢᠨ ᠬᠤᠶᠠᠷ ᠴᠢᠬᠤᠯᠠ ᠠᠵᠢᠯ ᠪᠤᠯᠤᠨ᠎ᠠ᠃ ᠮᠤᠩᠭᠤᠯ ᠰᠤᠲᠤᠯᠤᠯ ᠤᠨ ᠲᠦᠪᠡᠳ ᠰᠤᠷᠪᠤᠯᠵᠢ ᠪᠢᠴᠢᠭ ᠨᠢ ᠲᠦᠪᠡᠳ ᠤᠨ ᠦᠪᠡᠷᠳᠡᠭᠡᠨ ᠵᠠᠰᠠᠬᠤ ᠤᠷᠤᠨ᠂ ᠬᠦᠬᠡᠨᠠᠭᠤᠷ᠂ ᠭᠠᠨᠰᠦ ᠶᠢᠨ ᠰᠦᠮ᠎ᠠ ᠬᠡᠶᠢᠳ ᠪᠠ ᠨᠤᠮ ᠤᠨ ᠰᠠᠩ᠂ ᠤᠯᠤᠰ ᠤᠨ ᠨᠤᠮ ᠤᠨ ᠰᠠᠩ᠂ ᠪᠡᠭᠡᠵᠢᠩ ᠤᠨ ᠦᠨᠲᠦᠰᠦᠳᠡᠨ ᠤ ᠨᠤᠮ ᠤᠨ ᠰᠠᠩ᠂ ᠰᠧᠴᠤᠸᠠᠨ ᠮᠤᠵᠢ ᠳᠤ ᠪᠠᠶᠢᠭ᠎ᠠ ᠪᠠᠷᠠᠭᠤᠨ ᠡᠮᠦᠨᠡᠲᠦ ᠶᠢᠨ ᠦᠨᠲᠦᠰᠦᠳᠡᠨ ᠤ ᠶᠡᠭᠡ ᠰᠤᠷᠭᠠᠭᠤᠯᠢ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠨᠤᠮ ᠤᠨ ᠰᠠᠩ᠂ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠤᠮ ᠤᠨ ᠰᠠᠩ ᠵᠡᠷᠭᠡ ᠪᠠᠶᠢᠭᠤᠯᠭ᠎ᠠ ᠨᠢᠬᠡᠴᠢ ᠵᠢᠴᠢ ᠮᠤᠩᠭᠤᠯ ᠤᠯᠤᠰ᠂ ᠤᠷᠤᠰ ᠤᠨ ᠬᠤᠯᠪᠤᠭᠠᠨ ᠤ ᠪᠦᠬᠦᠳᠡ ᠨᠠᠶᠢᠷᠠᠮᠲᠠᠬᠤ ᠪᠤᠷᠢᠶᠡᠳ ᠤᠯᠤᠰ᠂ ᠭᠧᠷᠮᠠᠨ᠂ ᠶᠠᠫᠦᠨ᠂ ᠠᠮᠧᠷᠢᠺᠠ᠂ ᠡᠨᠡᠳᠭᠡᠭ ᠵᠡᠷᠭᠡ ᠭᠠᠲᠠᠭᠠᠲᠦ ᠤᠯᠤᠰ ᠲᠤ ᠴᠦ ᠬᠠᠲᠠᠭᠠᠯᠬᠠᠲᠠᠵᠦ ᠪᠠᠶᠢᠭ᠎ᠠ ᠪᠤᠯᠬᠤᠷ ᠡᠮᠬᠢᠳᠭᠡᠨ ᠴᠤᠭᠯᠠᠭᠤᠯᠬᠤ ᠠᠵᠢᠯ ᠳᠤ ᠤᠯᠠᠨ ᠲᠠᠯ᠎ᠠ ᠶᠢᠨ ᠬᠦᠴᠢᠷᠳᠡᠯ ᠠᠪᠴᠢᠷᠠᠵᠠᠢ᠃ ᠤᠲᠤ ᠦᠶ᠎ᠡ ᠳᠤ ᠮᠤᠩᠭᠤᠯᠴᠤᠳ ᠤᠨ ᠲᠦᠪᠡᠳ ᠬᠡᠯᠡ ᠪᠠᠷ ᠪᠢᠴᠢᠭᠰᠡᠨ ᠰᠤᠷᠪᠤᠯᠵᠢ ᠪᠢᠴᠢᠭ ᠤᠨ ᠲᠤᠬᠠᠢ ᠰᠤᠲᠤᠯᠭᠠᠨ ᠲᠡᠭᠡᠷ᠎ᠡ ᠵᠠᠭᠤᠨ ᠤ ᠲᠠᠪᠢᠭᠠᠳ ᠤᠨ ᠠᠴᠠ ᠡᠷᠴᠢᠮᠲᠠᠢ ᠶᠠᠪᠤᠬᠲᠠᠵᠦ ᠡᠬᠢᠯᠡᠭᠰᠡᠨ ᠪᠠᠶᠢᠨ᠎ᠠ᠃ 2015 ᠤᠨ ᠳᠤ᠂ ᠮᠢᠨᠦ ᠪᠠᠭᠰᠢ ᠲᠦᠪᠡᠳᠴᠢ ᠡᠷᠳᠡᠮᠳᠡᠨ ᠠ᠊ · ᠡᠷᠳᠡᠨᠢᠪᠠᠶᠠᠷ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠲᠤᠮᠤ ᠲᠦᠰᠦᠯ ᠪᠤᠯᠬᠤ ᠶᠤᠸᠠᠨ ᠮᠢᠩ ᠴᠢᠩ ᠤᠨ ᠦᠶ᠎ᠡ ᠶᠢᠨ ᠮᠤᠩᠭᠤᠯᠴᠤᠳ ᠤᠨ ᠲᠦᠪᠡᠳ ᠰᠤᠷᠪᠤᠯᠵᠢᠰ ᠤᠨ ᠠᠭᠤᠲᠠᠯᠤᠯ᠂ ᠡᠮᠬᠢᠳᠭᠡᠯ ᠬᠢᠬᠡᠳ ᠰᠤᠲᠤᠯᠤᠯ ᠰᠡᠲᠦᠪ ᠢᠶᠠᠷ ᠲᠦᠪᠡᠳ ᠰᠤᠷᠪᠤᠯᠵᠢᠰ ᠢ ᠴᠤᠭᠯᠠᠭᠤᠯᠵᠦ ᠡᠮᠬᠢᠳᠭᠡᠬᠦ ᠠᠵᠢᠯ ᠢ ᠡᠬᠢᠯᠡᠵᠦ ᠬᠢᠭᠰᠡᠨ ᠪᠠᠶᠢᠨ᠎ᠠ᠃ ᠪᠢ ᠪᠠᠭᠰᠢ ᠲᠠᠢ ᠪᠠᠨ ᠬᠤᠶᠠᠭᠤᠯᠠ ᠪᠦᠬᠦ ᠤᠯᠤᠰ ᠤᠨ ᠲᠤᠮᠤ ᠲᠤᠮᠤ ᠰᠦᠮ᠎ᠡ ᠬᠡᠶᠢᠳ᠂ ᠨᠤᠮ ᠤᠨ ᠰᠠᠩ᠂ ᠨᠤᠮ ᠤᠨ ᠲᠡᠯᠭᠡᠬᠦᠷ ᠢᠶᠠᠷ ᠶᠠᠪᠤᠵᠦ ᠰᠤᠷᠪᠤᠯᠵᠢᠰ ᠴᠤᠭᠯᠠᠭᠤᠯᠤᠬᠰᠠᠨ ᠪᠦᠬᠡᠳ ᠭᠠᠲᠠᠭᠠᠲᠦ ᠤᠯᠤᠰ ᠲᠤ ᠴᠦ ᠰᠤᠷᠠᠭ ᠲᠠᠯᠪᠢᠭᠤᠯᠤᠨ ᠡᠷᠢᠬᠦᠯᠵᠦ᠂ ᠰᠦᠯᠵᠢᠶ᠎ᠡ ᠪᠠᠷ ᠡᠷᠢᠵᠦ ᠬᠤᠪᠢ ᠬᠦᠮᠦᠨ ᠠᠴᠠ ᠴᠦ ᠤᠯᠵᠦ ᠪᠠᠶᠢᠬᠰᠠᠨ᠂ ᠲᠡᠭᠡᠭᠡᠳ ᠨᠡᠶᠢᠳᠡ 120 ᠭᠠᠷᠤᠢ ᠯᠠᠮᠠ ᠡᠷᠳᠡᠮᠳᠡᠳ ᠤᠨ ᠰᠦᠮᠪᠦᠮ ᠵᠤᠬᠢᠶᠠᠯ ᠪᠠ ᠭᠠᠭᠴᠠ ᠬᠤᠶᠠᠷ ᠵᠤᠬᠢᠶᠠᠯ ᠪᠦᠲᠦᠭᠡᠯ ᠢ ᠴᠤᠭᠯᠠᠭᠤᠯᠵᠦ ᠤᠯᠤᠬᠰᠠᠨ ᠪᠠᠶᠢᠨ᠎ᠠ ᠭᠡᠵᠦ ᠱᠦ ᠯᠢᠨ ᠶᠠᠷᠢᠨ᠎ᠠ᠃ ᠠ᠊ · ᠡᠷᠳᠡᠨᠢᠪᠠᠶᠠᠷ ᠪᠠᠭᠰᠢ ᠰᠢᠭ᠋ ᠡᠷᠳᠡᠮᠳᠡᠨ ᠰᠤᠲᠤᠯᠭᠠᠲᠠᠳ᠂ ᠭᠠᠵᠠᠷ ᠵᠦᠢ ᠶᠢᠨ ᠤᠷᠤᠨ ᠵᠠᠢ᠂ ᠴᠠᠭ ᠠᠭᠤᠷ ᠤᠨ ᠤᠨᠴᠠᠭᠠᠢ ᠨᠦᠬᠦᠴᠡᠯ ᠢ ᠬᠠᠶᠢᠬᠤᠷᠤᠯ ᠦᠬᠡᠢ ᠴᠠᠰᠦᠲᠦ ᠦᠨᠲᠦᠷᠯᠢᠭ ᠢᠶᠠᠷ ᠶᠠᠪᠤᠵᠦ᠂ ᠰᠦᠮ᠎ᠡ ᠬᠡᠶᠢᠳ ᠢᠶᠠᠷ ᠰᠤᠷᠪᠤᠯᠵᠢᠯᠠᠨ᠂ ᠰᠤᠲᠤᠷ ᠪᠢᠴᠢᠭ ᠴᠤᠭᠯᠠᠭᠤᠯᠤᠬᠰᠠᠨ ᠠᠴᠠ ᠮᠤᠩᠭᠤᠯ ᠰᠤᠲᠤᠯᠤᠯ ᠤᠨ ᠬᠦᠷᠢᠶᠡᠨ ᠳᠤ ᠮᠤᠩᠭᠤᠯ ᠰᠤᠲᠤᠯᠤᠯ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠬᠡᠬᠦ ᠡᠨᠡ ᠬᠦ ᠬᠦᠮᠦᠰ ᠤᠨ ᠠᠩᠬᠠᠷᠤᠯ ᠢ ᠲᠠᠲᠠᠭᠰᠠᠨ ᠰᠢᠨ᠎ᠡ ᠨᠢᠬᠡᠨ ᠠᠭᠤᠯᠭ᠎ᠠ ᠨᠡᠮᠡᠭᠳᠡᠭᠰᠡᠨ ᠪᠢᠯᠡ᠃ ᠦᠶ᠎ᠡ ᠦᠶ᠎ᠡ ᠶᠢᠨ ᠡᠷᠳᠡᠮᠳᠡᠨ ᠰᠤᠲᠤᠯᠭᠠᠲᠠᠳ ᠤᠨ ᠰᠢᠨᠲᠠᠷᠠᠰᠢ ᠦᠬᠡᠢ ᠴᠢᠷᠮᠠᠶᠢᠯᠭ᠎ᠠ ᠪᠠᠷ ᠲᠠᠮᠵᠢᠨ᠂ ᠮᠤᠩᠭᠤᠯ ᠰᠤᠲᠤᠯᠤᠯ ᠲᠠᠢ ᠬᠤᠯᠪᠤᠬᠲᠠᠬᠤ ᠲᠦᠪᠡᠳ ᠰᠤᠷᠪᠤᠯᠵᠢ ᠪᠢᠴᠢᠭ ᠤᠨ ᠰᠢᠨᠵᠢᠯᠡᠬᠡᠨ ᠤ ᠪᠠᠶᠢᠭᠤᠯᠤᠯᠲᠠ ᠪᠦᠷᠢᠨᠰᠢᠵᠦ᠂ ᠰᠤᠲᠤᠯᠭᠠᠨ ᠤ ᠪᠠᠶᠢᠭᠤᠯᠤᠮᠵᠢ ᠪᠦᠷᠢᠲᠦᠨ᠂ ᠰᠤᠲᠤᠯᠭᠠᠨ ᠤ ᠬᠦᠷᠢᠶ᠎ᠡ ᠴᠠᠷᠠᠭ᠎ᠠ ᠨᠢ ᠤᠯᠠᠮ ᠢᠶᠠᠷ ᠦᠷᠬᠡᠵᠢᠯ᠎ᠡ᠃ ᠲᠤᠭᠠᠴᠢᠯᠠᠭᠤᠯᠤᠯᠲᠠ ᠶᠢᠨ ᠮᠡᠷᠭᠡᠵᠢᠯ ᠢᠶᠠᠷ ᠰᠤᠷᠪᠤᠯᠵᠢ ᠪᠢᠴᠢᠭ ᠢᠶᠠᠨ ᠠᠮᠢᠯᠠᠭᠤᠯᠤᠨ᠎ᠠ ᠤᠯᠤᠰ ᠤᠨ ᠲᠤᠲᠤᠭᠠᠲᠦ ᠭᠠᠲᠠᠭᠠᠲᠦ ᠳᠤ ᠮᠤᠩᠭᠤᠯ ᠰᠤᠲᠤᠯᠤᠯ ᠳᠤ ᠬᠤᠯᠪᠤᠭᠲᠠᠬᠤ ᠲᠦᠪᠡᠳ ᠬᠡᠯᠡᠨ ᠤ ᠰᠤᠷᠪᠤᠯᠵᠢ ᠪᠢᠴᠢᠭ ᠤᠳ ᠮᠠᠰᠢ ᠤᠯᠠᠨ ᠬᠠᠲᠠᠭᠠᠯᠠᠬᠲᠠᠵᠦ ᠪᠤᠢ᠃ ᠭᠡᠪᠡᠴᠦ ᠲᠡᠷᠡ ᠪᠦᠬᠦᠨ ᠢᠶᠠᠷ ᠢᠶᠠᠨ ᠠᠰᠢᠬᠯᠠᠯᠲᠠ ᠳᠤ ᠤᠷᠤᠬᠰᠠᠨ ᠪᠢᠰᠢ᠂ ᠤᠨ ᠵᠢᠯ ᠤᠨ ᠨᠤᠭᠤᠴᠠᠭᠠᠨ ᠠᠴᠠ ᠪᠤᠯᠵᠦ ᠵᠠᠷᠢᠮ ᠰᠤᠷᠪᠤᠯᠵᠢ ᠪᠢᠴᠢᠭ ᠨᠢᠬᠡᠨᠳᠡ ᠤᠷᠠᠭᠲᠠᠵᠦ ᠨᠠᠪᠲᠠᠷᠠᠭᠠᠳ ᠠᠰᠢᠬᠯᠠᠬᠤ ᠶᠢᠨ ᠠᠷᠭ᠎ᠠ ᠦᠬᠡᠢ ᠪᠤᠯᠤᠬᠰᠠᠨ᠃ ᠡᠶᠢᠮᠦ ᠠᠴᠠ ᠰᠤᠷᠪᠤᠯᠵᠢ ᠪᠢᠴᠢᠭ ᠲᠤ ᠠᠪᠴᠦ ᠬᠡᠯᠡᠪᠡᠯ ᠲᠤᠭᠠᠴᠢᠯᠠᠭᠤᠯᠬᠤ ᠪᠤᠯ ᠵᠠᠪᠠᠯ ᠶᠠᠪᠤᠬᠤ ᠵᠠᠮ ᠪᠤᠯᠤᠨ᠎ᠠ ᠭᠡᠵᠦ ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠮᠤᠩᠭᠤᠯ ᠰᠤᠲᠤᠯᠤᠯ ᠤᠨ ᠲᠦᠪᠡᠳ ᠰᠤᠷᠪᠤᠯᠵᠢᠰ ᠰᠤᠲᠤᠯᠬᠤ ᠲᠦᠪ ᠤᠨ ᠡᠷᠬᠢᠯᠡᠭᠴᠢ ᠱᠦ ᠯᠢᠨ ᠰᠤᠷᠪᠤᠯᠵᠢᠯᠠᠬᠴᠢ ᠳᠤ ᠲᠠᠨᠢᠯᠴᠠᠭᠤᠯᠤᠨ᠎ᠠ᠃ ᠲᠤᠭᠠᠴᠢᠯᠠᠭᠤᠯᠤᠯᠲᠠ ᠪᠤᠯ ᠰᠤᠷᠪᠤᠯᠵᠢ ᠪᠢᠴᠢᠭ ᠢ ᠬᠠᠮᠠᠭᠠᠯᠠᠵᠦ ᠬᠠᠲᠠᠭᠠᠯᠠᠬᠤ᠂ ᠬᠠᠮᠲᠦ ᠪᠠᠷ ᠠᠰᠢᠬᠯᠠᠬᠤ ᠶᠢᠨ ᠪᠦᠲᠦᠮᠵᠢᠳᠡᠢ ᠠᠷᠭ᠎ᠠ ᠵᠠᠮ ᠪᠤᠯᠤᠨ᠎ᠠ᠃ ᠬᠡᠪᠡᠴᠦ ᠤᠲᠤᠬᠠᠨ ᠳᠤ ᠮᠡᠷᠭᠡᠵᠢᠯ ᠤᠨ ᠠᠰᠠᠭᠤᠲᠠᠯ᠂ ᠴᠢᠲᠠᠪᠦᠷᠢᠲᠠᠨ ᠤ ᠠᠰᠠᠭᠤᠲᠠᠯ ᠪᠠ ᠪᠡᠯᠡ ᠮᠦᠩᠬᠦ ᠶᠢᠨ ᠠᠰᠠᠭᠤᠲᠠᠯ ᠨᠢ ᠰᠤᠷᠪᠤᠯᠵᠢ ᠪᠢᠴᠢᠭ ᠢ ᠲᠤᠭᠠᠴᠢᠯᠠᠭᠤᠯᠤᠨ ᠬᠦᠮᠦᠷᠭᠡᠯᠡᠬᠦ ᠳᠤ ᠲᠤᠯᠭᠠᠷᠠᠭᠰᠠᠨ ᠬᠠᠮᠤᠭ ᠤᠨ ᠲᠤᠮᠤ ᠠᠰᠠᠭᠤᠲᠠᠯ ᠪᠤᠯᠵᠠᠢ᠃ ᠪᠢᠳᠡ ᠤᠲᠤ ᠶᠠᠭ ᠰᠠᠶᠢᠬᠠᠨ ᠮᠤᠩᠭᠤᠯ ᠰᠤᠲᠤᠯᠤᠯ ᠤᠨ ᠲᠦᠪᠡᠳ ᠰᠤᠷᠪᠤᠯᠵᠢ ᠪᠢᠴᠢᠭ ᠢ ᠲᠤᠭᠠᠴᠢᠯᠠᠭᠤᠯᠬᠤ ᠠᠵᠢᠯ ᠢ ᠬᠢᠵᠦ ᠪᠠᠶᠢᠨ᠎ᠠ᠃ ᠡᠩ ᠲᠡᠷᠢᠬᠦᠨ ᠳᠤ ᠮᠡᠷᠭᠡᠵᠢᠯ ᠤᠨ ᠠᠰᠠᠭᠤᠲᠠᠯ ᠢ ᠵᠠᠪᠠᠯ ᠰᠢᠢᠳᠪᠦᠷᠢᠯᠡᠬᠦ ᠭᠡᠷᠡᠭᠳᠡᠢ᠂ ᠤᠲᠤ ᠪᠢᠳᠡ ᠰᠤᠷᠪᠤᠯᠵᠢ ᠪᠢᠴᠢᠭ ᠲᠤᠭᠠᠴᠢᠯᠠᠭᠤᠯᠬᠤ ᠫᠷᠦᠭᠷᠠᠮ ᠵᠤᠬᠢᠶᠠᠬᠤ ᠠᠵᠢᠯ ᠢ ᠰᠧᠴᠤᠸᠠᠨ ᠮᠤᠵᠢ ᠶᠢᠨ ᠴᠧᠩᠳᠦ᠋ ᠬᠤᠲᠠ ᠶᠢᠨ ᠯᠢᠶᠠᠨ ᠲᠦ᠋ ᠺᠧ ᠵᠢᠢ ᠬᠡᠮᠡᠬᠦ ᠰᠤᠷᠪᠤᠯᠵᠢ ᠪᠢᠴᠢᠭ ᠢ ᠢᠯᠭᠠᠨ ᠲᠠᠨᠢᠵᠦ᠂ ᠲᠤᠭᠠᠴᠢᠯᠠᠭᠤᠯᠬᠤ ᠠᠵᠢᠯ ᠢ ᠬᠢᠳᠡᠭ ᠲᠤᠰᠬᠠᠢ ᠺᠤᠮᠫᠠᠨᠢ ᠶᠢᠨ ᠨᠢᠬᠡᠨ ᠬᠤᠪᠢᠶᠠᠷᠢ ᠺᠤᠮᠫᠠᠨᠢ ᠳᠤ ᠲᠠᠭᠠᠭᠠᠴᠢᠯᠠᠵᠦ ᠦᠭᠬᠦᠭᠡᠳ ᠪᠠᠶᠢᠨ᠎ᠠ ᠭᠡᠵᠦ ᠱᠦ ᠯᠢᠨ ᠶᠠᠷᠢᠨ᠎ᠠ᠃ ᠮᠡᠷᠭᠡᠵᠢᠯ ᠤᠨ ᠠᠰᠠᠭᠤᠲᠠᠯ ᠪᠤᠯ ᠳ᠋ᠡᠶᠢᠲ᠋ᠠ ᠬᠦᠮᠦᠷᠭᠡ ᠪᠠᠶᠢᠭᠤᠯᠬᠤ ᠶᠢᠨ ᠠᠩᠬᠠᠨ ᠤ ᠰᠢᠯᠭᠠᠯᠲᠠ᠂ ᠡᠨᠡ ᠬᠦ ᠬᠦᠴᠢᠷᠳᠡᠯ ᠢ ᠢᠯᠠᠨ ᠲᠠᠪᠠᠭᠰᠠᠭᠠᠷ ᠲᠠᠷᠠᠭᠠᠴᠢ ᠶᠢᠨ ᠠᠵᠢᠯ ᠰᠢᠯᠤᠭᠤᠬᠠᠨ ᠪᠤᠯᠤᠨ᠎ᠠ᠃ ᠲᠡᠲᠡ ᠮᠡᠷᠭᠡᠵᠢᠯ ᠤᠨ ᠠᠰᠠᠭᠤᠲᠠᠯ ᠢ ᠰᠢᠢᠳᠪᠦᠷᠢᠯᠡᠭᠰᠡᠭᠡᠷ ᠪᠢᠳᠡ ᠰᠤᠷᠪᠤᠯᠵᠢ ᠪᠢᠴᠢᠭ ᠢᠶᠠᠨ ᠲᠦᠷᠦᠯ ᠵᠠᠨᠠᠷ ᠢᠶᠠᠷ ᠨᠢ ᠬᠤᠪᠢᠶᠠᠵᠦ᠂ ᠮᠠᠲ᠋ᠧᠷᠢᠶᠠᠯ ᠢᠶᠠᠨ ᠤᠷᠤᠭᠤᠯᠤᠨ᠎ᠠ᠃ ᠮᠤᠩᠭᠤᠯ ᠰᠤᠲᠤᠯᠤᠯ ᠤᠨ ᠲᠦᠪᠡᠳ ᠰᠤᠷᠪᠤᠯᠵᠢ ᠪᠢᠴᠢᠭ ᠢ ᠲᠡᠦᠭᠡ᠂ ᠤᠷᠠᠨ ᠵᠤᠬᠢᠶᠠᠯ᠂ ᠤᠯᠠᠮᠵᠢᠯᠠᠯᠲᠦ ᠶᠡᠭᠡ ᠪᠠᠭ᠎ᠠ ᠲᠠᠪᠤᠨ ᠤᠬᠠᠭᠠᠨ ᠭᠡᠳ ᠨᠡᠶᠢᠳᠡ 12 ᠲᠤᠮᠤ ᠲᠦᠷᠦᠯ ᠵᠦᠢᠯ ᠳᠤ ᠬᠤᠪᠢᠶᠠᠬᠤ ᠪᠦᠬᠡᠳ ᠡᠳᠡᠭᠡᠷ ᠢᠶᠠᠨ ᠲᠠᠬᠢᠨ ᠨᠠᠷᠢᠨ ᠠᠩᠬᠢᠯᠠᠭᠠᠳ ᠲᠤᠭᠠᠴᠢᠯᠠᠭᠤᠯᠤᠬᠰᠠᠨ ᠮᠠᠲ᠋ᠧᠷᠢᠶᠠᠯ ᠢᠶᠠᠨ ᠤᠷᠤᠭᠤᠯᠵᠦ ᠲᠠᠯᠪᠢᠨ᠎ᠠ ᠭᠡᠵᠦ ᠲᠤᠭᠠᠴᠢᠯᠠᠭᠤᠯᠬᠤ ᠠᠵᠢᠯ ᠤᠨ ᠢᠶᠠᠨ ᠲᠦᠯᠦᠪᠯᠡᠭᠡ ᠶᠢ ᠱᠦ ᠯᠢᠨ ᠨᠠᠷᠢᠨ ᠨᠢᠬᠲᠠ ᠲᠠᠨᠢᠯᠴᠠᠭᠤᠯᠵᠦ ᠪᠠᠶᠢᠯ᠎ᠠ᠃ ᠪᠠᠶᠢᠭᠤᠯᠤᠮᠵᠢ ᠶᠢᠨ ᠲᠠᠯ᠎ᠠ ᠠᠴᠠ ᠮᠤᠩᠭᠤᠯ ᠰᠤᠲᠤᠯᠤᠯ ᠤᠨ ᠲᠦᠪᠡᠳ ᠰᠤᠷᠪᠤᠯᠵᠢᠰ ᠰᠤᠲᠤᠯᠬᠤ ᠲᠦᠪ ᠲᠤ ᠦᠬᠡᠷ᠎ᠡ ᠲᠤᠰᠬᠠᠢ ᠠᠵᠢᠯᠲᠠᠨ ᠬᠠᠷᠠᠬᠠᠨ ᠲᠤᠬᠢᠷᠠᠭᠤᠯᠵᠦ ᠦᠭᠬᠦᠬᠡ ᠦᠬᠡᠢ ᠪᠤᠯᠬᠤᠷ ᠠᠵᠢᠯ ᠶᠠᠪᠤᠲᠠᠯ ᠢᠶᠠᠨ ᠶᠠᠪᠤᠬᠲᠠᠭᠤᠯᠬᠤ ᠳᠤ ᠬᠦᠮᠦᠨ ᠤ ᠬᠦᠴᠦᠨ ᠬᠦᠷᠦᠯᠴᠡᠬᠦ ᠦᠬᠡᠢ ᠠᠰᠠᠭᠤᠲᠠᠯ ᠴᠦ ᠲᠤᠯᠭᠠᠷᠠᠵᠦ ᠪᠠᠶᠢᠭ᠎ᠠ ᠶᠤᠮ᠃ ᠲᠤᠭᠠᠴᠢᠯᠠᠭᠤᠯᠤᠯᠲᠠ ᠶᠢᠨ ᠬᠦᠮᠦᠷᠭᠡ ᠪᠠᠶᠢᠭᠤᠯᠬᠤ ᠪᠤᠯ ᠮᠤᠩᠭᠤᠯ ᠰᠤᠲᠤᠯᠤᠯ ᠳᠤ ᠲᠦᠢᠯ ᠤᠨ ᠠᠴᠢ ᠬᠤᠯᠪᠤᠬᠲᠠᠯ ᠲᠠᠢ ᠶᠠᠪᠤᠲᠠᠯ ᠪᠤᠯᠬᠤ ᠶᠤᠮ᠃ ᠮᠠᠲ᠋ᠧᠷᠢᠶᠠᠯ ᠡᠷᠢᠬᠦ ᠳᠤ ᠠᠮᠠᠷ᠂ ᠬᠠᠮᠲᠦ ᠪᠠᠷ ᠠᠰᠢᠬᠯᠠᠬᠤ ᠳᠤ ᠲᠦᠬᠦᠮ ᠳ᠋ᠡᠶᠢᠲ᠋ᠠ ᠬᠦᠮᠦᠷᠬᠡ ᠶᠢ ᠪᠠᠶᠢᠭᠤᠯᠬᠤ ᠳᠤ ᠪᠡᠯᠡ ᠮᠦᠩᠬᠦᠨ ᠤ ᠲᠤᠰᠠᠯᠠᠯᠴᠠᠭ᠎ᠠ ᠴᠦ ᠭᠡᠷᠡᠭᠳᠡᠢ ᠪᠠᠶᠢᠲᠠᠭ᠃ ᠪᠢᠳᠡᠨ ᠤ ᠪᠡᠯᠡ ᠮᠦᠩᠬᠦ ᠬᠢᠵᠠᠭᠠᠷ ᠲᠠᠢ᠂ ᠬᠡᠪᠡᠴᠦ ᠡᠬᠦᠨ ᠠᠴᠠ ᠪᠤᠯᠵᠦ ᠬᠤᠶᠢᠰᠢ ᠤᠬᠤᠷᠢᠵᠦ ᠯᠡ ᠪᠤᠯᠬᠤ ᠦᠬᠡᠢ᠂ ᠲᠤᠭᠠᠴᠢᠯᠠᠭᠤᠯᠬᠤ ᠠᠵᠢᠯ ᠢᠶᠠᠨ ᠵᠠᠪᠠᠯ ᠡᠬᠢᠯᠡᠬᠦᠯᠬᠦ ᠭᠡᠷᠡᠭᠳᠡᠢ᠃ ᠮᠠᠨ ᠤ ᠬᠦᠮᠦᠷᠬᠡ ᠬᠤᠵᠢᠮ ᠨᠦᠯᠦᠬᠡ ᠶᠡᠬᠡᠳᠡᠢ ᠪᠤᠯᠤᠭᠰᠠᠭᠠᠷ ᠪᠤᠰᠤᠳ ᠰᠢᠨᠵᠢᠯᠡᠭᠡᠨ ᠤ ᠪᠠᠶᠢᠭᠤᠯᠭ᠎ᠠ ᠶᠢᠨ ᠬᠦᠮᠦᠰ ᠲᠠᠢ ᠬᠠᠮᠲᠤᠷᠠᠵᠦ ᠬᠢᠪᠡᠯ ᠨᠡᠩ ᠰᠠᠶᠢᠨ ᠪᠤᠯᠬᠤ ᠪᠤᠢ ᠭᠡᠵᠦ ᠪᠤᠲᠤᠵᠦ ᠪᠠᠶᠢᠨ᠎ᠠ ᠭᠡᠵᠦ ᠱᠦ ᠯᠢᠨ ᠶᠠᠷᠢᠨ᠎ᠠ᠃ ᠤᠲᠤᠬᠠᠨ ᠳᠤ ᠮᠠᠰᠢ ᠤᠯᠠᠨ ᠨᠤᠮ ᠤᠨ ᠰᠠᠩ ᠰᠤᠷᠪᠤᠯᠵᠢ ᠪᠢᠴᠢᠭ ᠤᠨ ᠲᠤᠭᠠᠴᠢᠯᠠᠭᠤᠯᠤᠬᠰᠠᠨ ᠬᠦᠮᠦᠷᠬᠡ ᠶᠢ ᠪᠠᠶᠢᠭᠤᠯᠵᠦ ᠪᠠᠶᠢᠭ᠎ᠠ ᠪᠤᠯᠪᠠᠴᠦ᠂ ᠡᠯ᠎ᠡ ᠵᠦᠢᠯ ᠤᠨ ᠰᠢᠯᠲᠠᠭᠠᠨ ᠠᠴᠠ ᠪᠤᠯᠵᠦ ᠤᠯᠠᠨ ᠨᠡᠶᠢᠳᠡ ᠶᠢᠨ ᠭᠡᠷᠡᠭᠯᠡᠭᠡᠨ ᠳᠤ ᠬᠠᠷᠠᠬᠠᠨ ᠪᠦᠷᠢᠨ ᠤᠷᠤᠵᠦ ᠴᠢᠲᠠᠭ᠎ᠠ ᠦᠬᠡᠢ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠢᠨ ᠪᠠᠰᠠ ᠮᠤᠩᠭᠤᠯ ᠲᠦᠪᠡᠳ ᠤᠷᠠᠨ ᠵᠤᠬᠢᠶᠠᠯ ᠤᠨ ᠲᠤᠭᠠᠴᠢᠯᠠᠭᠤᠯᠤᠬᠰᠠᠨ ᠬᠦᠮᠦᠷᠬᠡ ᠶᠢ ᠶᠠᠭ ᠰᠠᠶᠢᠬᠠᠨ ᠪᠠᠶᠢᠭᠤᠯᠵᠦ ᠪᠠᠶᠢᠨ᠎ᠠ᠂ ᠡᠳᠡᠭᠡᠷ ᠪᠤᠯ ᠪᠦᠷ ᠲᠠᠯᠠᠶᠢᠬᠴᠢ ᠪᠤᠯᠤᠬᠰᠠᠨ ᠠ᠊ · ᠡᠷᠳᠡᠨᠢᠪᠠᠶᠠᠷ ᠪᠠᠭᠰᠢ ᠶᠢᠨ ᠲᠠᠭᠠᠭᠠᠴᠢᠯᠠᠵᠦ ᠬᠢᠵᠦ ᠪᠠᠶᠢᠬᠰᠠᠨ ᠠᠵᠢᠯ ᠰᠢᠦ᠃ ᠤᠲᠤ ᠪᠢ ᠪᠠᠭᠰᠢ ᠶᠢᠨ ᠢᠶᠠᠨ ᠠᠵᠢᠯ ᠢ ᠵᠠᠯᠭᠠᠮᠵᠢᠯᠠᠵᠦ ᠠᠪᠤᠭᠠᠳ ᠬᠢᠵᠦ ᠪᠠᠶᠢᠨ᠎ᠠ᠂ ᠪᠢᠳᠡᠨ ᠤ ᠮᠤᠩᠭᠤᠯ ᠰᠤᠲᠤᠯᠤᠯ ᠤᠨ ᠲᠦᠪᠡᠳ ᠬᠡᠯᠡᠨ ᠤ ᠰᠤᠷᠪᠤᠯᠵᠢ ᠪᠢᠴᠢᠭ ᠤᠨ ᠬᠦᠮᠦᠷᠬᠡ ᠨᠢ ᠮᠤᠩᠭᠤᠯᠴᠤᠳ ᠤᠨ ᠰᠦᠮᠪᠦᠮ ᠵᠤᠬᠢᠶᠠᠯ ᠠᠴᠠ ᠭᠠᠲᠠᠨ᠎ᠠ ᠮᠤᠩᠭᠤᠯ ᠰᠤᠲᠤᠯᠤᠯ ᠳᠤ ᠬᠤᠯᠪᠤᠭᠲᠠᠬᠤ ᠲᠦᠪᠡᠳᠴᠤᠳ ᠤᠨ ᠰᠤᠷᠪᠤᠯᠵᠢ ᠪᠢᠴᠢᠭ ᠪᠠ ᠲᠠᠩᠰᠠ ᠡᠪᠭᠡᠮᠡᠯ᠂ ᠲᠦᠪᠡᠳ ᠭᠠᠨᠵᠤᠤᠷ ᠳ᠋ᠠᠨᠵᠤᠤᠷ᠎ ᠤᠨ ᠤᠯᠠᠨ ᠪᠠᠷ ᠬᠡᠪᠯᠡᠯ ᠢ ᠪᠠᠰᠠ ᠪᠠᠭ᠋ᠠᠲᠠᠭᠠᠵᠦ ᠪᠠᠶᠢᠭ᠎ᠠ ᠤᠴᠢᠷ ᠠᠴᠠ ᠮᠤᠩᠭᠤᠯ ᠲᠦᠪᠡᠳ ᠤᠷᠠᠨ ᠵᠤᠬᠢᠶᠠᠯ ᠤᠨ ᠲᠤᠭᠠᠴᠢᠯᠠᠭᠤᠯᠤᠬᠰᠠᠨ ᠬᠦᠮᠦᠷᠭᠡ ᠲᠠᠢ ᠠᠳᠠᠯᠢ ᠦᠬᠡᠢ ᠪᠠᠶᠢᠲᠠᠭ᠂ ᠳ᠋ᠡᠶᠢᠲ᠋ᠠ ᠬᠦᠮᠦᠷᠬᠡ ᠪᠠᠶᠢᠭᠤᠯᠬᠤ ᠠᠵᠢᠯ ᠪᠤᠯ ᠮᠠᠨ ᠤ ᠡᠨᠡ ᠵᠢᠯ ᠤᠨ ᠬᠠᠮᠤᠭ ᠤᠨ ᠲᠤᠮᠤ ᠠᠵᠢᠯ ᠮᠦᠨ ᠭᠡᠵᠦ ᠱᠦ ᠯᠢᠨ ᠶᠠᠷᠢᠨ᠎ᠠ᠃ ᠲᠤᠭᠠᠴᠢᠯᠠᠭᠤᠯᠤᠬᠰᠠᠨ ᠬᠦᠮᠦᠷᠬᠡ ᠪᠠᠶᠢᠭᠤᠯᠤᠨ᠎ᠠ᠂ ᠮᠤᠩᠭᠤᠯᠴᠤᠳ ᠤᠨ ᠲᠦᠪᠡᠳ ᠬᠡᠯᠡᠨ ᠤ ᠤᠷᠠᠨ ᠵᠤᠬᠢᠶᠠᠯ ᠤᠨ ᠲᠡᠦᠭᠡ ᠶᠢ ᠪᠢᠴᠢᠨ᠎ᠡ᠂ ᠰᠦᠮᠪᠦᠮ ᠵᠤᠬᠢᠶᠠᠯ ᠪᠠ ᠰᠦᠮᠪᠦᠮ ᠵᠤᠬᠢᠶᠠᠯ ᠦᠬᠡᠢ ᠮᠤᠩᠭᠤᠯ ᠯᠠᠮᠠ ᠡᠷᠳᠡᠮᠳᠡᠳ ᠤᠨ ᠲᠤᠪᠴᠢ ᠨᠠᠮᠲᠠᠷ ᠢ ᠡᠮᠬᠢᠯᠡᠵᠦ ᠬᠡᠲᠦᠨ ᠨᠤᠮ ᠭᠠᠷᠭᠠᠨ᠎ᠠ᠂ ᠵᠠᠮᠢᠶᠠᠨᠳᠦ᠋ᠪᠳᠡᠨ ᠪᠠᠭᠰᠢ ᠶᠢᠨ ᠰᠦᠮᠪᠦᠮ ᠵᠤᠬᠢᠶᠠᠯ ᠢ ᠬᠢᠲᠠᠳ ᠮᠤᠩᠭᠤᠯ ᠢᠶᠠᠷ ᠤᠷᠴᠢᠭᠤᠯᠤᠨ᠎ᠠ᠂ ᠮᠤᠩᠭᠤᠯ ᠠᠨᠠᠭᠠᠬᠤ ᠤᠬᠠᠭᠠᠨ ᠤ ᠲᠦᠪᠡᠳ ᠰᠤᠷᠪᠤᠯᠵᠢ ᠪᠢᠴᠢᠭ ᠢ ᠮᠤᠩᠭᠤᠯᠴᠢᠯᠠᠵᠦ ᠬᠡᠪᠯᠡᠨ᠎ᠠ᠂ ᠮᠤᠩᠭᠤᠯ ᠰᠤᠲᠤᠯᠤᠯ ᠤᠨ ᠲᠦᠪᠡᠳ ᠬᠡᠯᠡᠨ ᠤ ᠰᠤᠷᠪᠤᠯᠵᠢ ᠪᠢᠴᠢᠭ ᠤᠨ ᠦᠨᠲᠦᠷ ᠲᠡᠰ ᠤᠨ ᠡᠷᠳᠡᠮ ᠰᠢᠨᠵᠢᠯᠡᠬᠡᠨ ᠤ ᠬᠤᠷᠠᠯ ᠢ ᠡᠷᠬᠢᠯᠡᠨ ᠬᠤᠷᠠᠯᠲᠤᠭᠤᠯᠤᠨ᠎ᠠ ᠁ ᠮᠤᠩᠭᠤᠯ ᠰᠤᠲᠤᠯᠤᠯ ᠤᠨ ᠲᠦᠪᠡᠳ ᠬᠡᠯᠡᠨ ᠤ ᠰᠤᠷᠪᠤᠯᠵᠢ ᠪᠢᠴᠢᠭ ᠰᠤᠲᠤᠯᠬᠤ ᠲᠦᠪ ᠤᠨ ᠡᠨᠡ ᠵᠢᠯ ᠤᠨ ᠠᠵᠢᠯ᠂ ᠲᠦᠯᠦᠪᠯᠡᠭᠡ ᠶᠤᠰᠤᠭᠠᠷ ᠠᠯᠬᠤᠮ ᠲᠠᠷᠠᠭ᠎ᠠ ᠲᠠᠢ ᠪᠠᠷ ᠶᠠᠪᠤᠬᠲᠠᠵᠦ ᠡᠬᠢᠯᠡᠯ᠎ᠡ᠃ ( ᠰᠢᠶᠠᠩ ᠲᠤᠤ)

2        0       

                             13847524386      211429899@qq.com      13847524386   QQ  211429899 蒙ICP备17002503号-1