ᠲᠠᠨ ᠤ ᠰᠤᠨᠢᠷᠬᠠᠯ
ᠮᠣᠩᠭᠣᠯ ᠪᠢᠴᠢᠭ ᠦᠨ ᠴᠠᠬᠢᠮ ᠺᠣᠳ᠋ ᠍ ᠢ ᠬᠡᠷᠡᠭᠯᠡᠬᠦ ᠦᠨᠳᠦᠰᠦᠨ ᠦ ᠰᠲ᠋ᠠᠨᠳᠠᠷᠲ ᠤᠨ ᠠᠰᠠᠭᠤᠳᠠᠯ ᠢ ᠬᠡᠯᠡᠯᠴᠡᠨ᠎ᠡ
ᠮᠣᠩᠭᠣᠯ ᠪᠢᠴᠢᠭ ᠦᠨ ᠴᠠᠬᠢᠮ ᠺᠣᠳ᠋ ᠍ ᠢ ᠬᠡᠷᠡᠭᠯᠡᠬᠦ ᠦᠨᠳᠦᠰᠦᠨ ᠦ ᠰᠲ᠋ᠠᠨᠳᠠᠷᠲ ᠤᠨ ᠠᠰᠠᠭᠤᠳᠠᠯ ᠢ ᠬᠡᠯᠡᠯᠴᠡᠨ᠎ᠡ
ᠡᠬᠢ ᠰᠤᠷᠪᠤᠯᠵᠢ : PRESIDENT.M
6107
2018-11-03 11:50
发表于:内蒙古
ᠮᠣᠩᠭᠣᠯ ᠪᠢᠴᠢᠭ ᠦᠨ ᠴᠠᠬᠢᠮ ᠺᠣᠳ᠋ ᠍ ᠢ ᠬᠡᠷᠡᠭᠯᠡᠬᠦ ᠦᠨᠳᠦᠰᠦᠨ ᠦ ᠰᠲ᠋ᠠᠨᠳᠠᠷᠲ ᠤᠨ ᠠᠰᠠᠭᠤᠳᠠᠯ ᠢ ᠬᠡᠯᠡᠯᠴᠡᠨ᠎ᠡ
ᠡᠬᠢ ᠰᠤᠷᠪᠤᠯᠵᠢ : PRESIDENT.M
ᠭᠡᠷᠡᠯ ᠵᠢᠷᠤᠭ ᠢ mpa.mn
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠰᠠᠨᠠᠭᠠᠴᠢᠯᠠᠭ᠎ᠠ ᠪᠠᠷ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠮᠣᠩᠭᠣᠯ ᠪᠠᠬᠠᠷᠬᠠᠯ ᠤᠨ ᠡᠳᠦᠷ ᠲᠦ ᠵᠣᠷᠢᠭᠤᠯᠤᠨ ᠤᠯᠠᠮᠵᠢᠯᠠᠯ ᠪᠣᠯᠭᠠᠨ ᠵᠣᠬᠢᠶᠠᠵᠤ ᠪᠤᠢ 《ᠮᠥᠩᠬᠡ ᠲᠩᠷᠢ ᠶᠢᠨ ᠪᠢᠴᠢᠭ-2018》 ᠮᠣᠩᠭᠣᠯ ᠤᠷᠠᠨ ᠪᠢᠴᠢᠯᠭᠡ ᠶᠢᠨ ᠣᠯᠠᠨ ᠤᠯᠤᠰ ᠤᠨ ᠦᠵᠡᠰᠬᠦᠯᠡᠩ ᠦᠨ ᠨᠡᠭᠡᠭᠡᠯᠲᠡ ᠮᠣᠩᠭᠣᠯ ᠤᠨ ᠤᠷᠠᠨ ᠵᠢᠷᠤᠭ ᠤᠨ ᠭᠠᠯᠧᠷᠧᠢ ᠳᠦ 2018 ᠣᠨ ᠤ ᠠᠷᠪᠠᠨ ᠨᠢᠭᠡᠳᠦᠭᠡᠷ ᠰᠠᠷ᠎ᠠ ᠶᠢᠨ 5 ᠍ ᠤ ᠡᠳᠦᠷ ᠦᠨ 11᠄00 ᠴᠠᠭ ᠲᠤ᠂ ᠰᠤᠷᠤᠭᠴᠢᠳ ᠤᠨ ᠪᠦᠲᠦᠭᠡᠯ ᠦᠨ ᠦᠵᠡᠰᠬᠦᠯᠡᠩ ᠦᠨ ᠨᠡᠭᠡᠭᠡᠯᠲᠡ ᠮᠣᠩᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ ᠲᠤ 2018 ᠣᠨ ᠤ ᠠᠷᠪᠠᠨ ᠨᠢᠭᠡᠳᠦᠭᠡᠷ ᠰᠠᠷ᠎ᠠ ᠶᠢᠨ 5 ᠍ ᠤ ᠡᠳᠦᠷ ᠦᠨ 14᠄00 ᠴᠠᠭ ᠲᠤ ᠪᠣᠯᠤᠨ᠎ᠠ᠃
2011 ᠣᠨ ᠠᠴᠠ ᠤᠯᠠᠮᠵᠢᠯᠠᠯ ᠪᠣᠯᠭᠠᠨ ᠵᠣᠬᠢᠶᠠᠵᠤ ᠪᠤᠢ ᠲᠤᠰ ᠮᠣᠩᠭᠣᠯ ᠤᠷᠠᠨ ᠪᠢᠴᠢᠯᠭᠡ ᠶᠢᠨ ᠦᠵᠡᠰᠬᠦᠯᠡᠩ ᠢ ᠡᠨᠡ ᠵᠢᠯ ᠣᠯᠠᠨ ᠤᠯᠤᠰ ᠤᠨ ᠤᠷᠠᠨ ᠪᠦᠲᠦᠭᠡᠯᠴᠢᠳ ᠦᠨ ᠪᠦᠲᠦᠭᠡᠯ ᠢᠶᠡᠷ ᠮᠣᠩᠭᠣᠯ ᠤᠨ ᠤᠷᠠᠨ ᠵᠢᠷᠤᠭ ᠤᠨ ᠭᠠᠯᠧᠷᠧᠢ ᠳᠦ᠂ ᠰᠤᠷᠤᠭᠴᠢ ᠪᠠᠭᠠᠴᠤᠳ ᠤᠨ ᠪᠦᠲᠦᠭᠡᠯ ᠢᠶᠡᠷ ᠮᠣᠩᠭᠣᠯ ᠤᠨ ᠬᠡᠦᠬᠡᠳ ᠦᠨ ᠤᠷᠠᠯᠠᠨ ᠪᠦᠲᠦᠭᠡᠬᠦ ᠲᠥᠪ ᠦᠨ 《ᠣᠷᠳᠣ》 ᠦᠵᠡᠰᠬᠦᠯᠡᠩ ᠦᠨ ᠲᠠᠩᠬᠢᠮ ᠳᠤ ᠳᠡᠯᠭᠡᠨ᠎ᠡ᠃
ᠦᠵᠡᠰᠬᠦᠯᠡᠩ 2018 ᠣᠨ ᠤ ᠠᠷᠪᠠᠨ ᠨᠢᠭᠡᠳᠦᠭᠡᠷ ᠰᠠᠷ᠎ᠠ ᠶᠢᠨ 5-9 ᠍ ᠦ ᠡᠳᠦᠷ ᠦᠳ ᠲᠦ ᠦᠨ᠎ᠡ ᠲᠥᠯᠦᠪᠦᠷᠢ ᠦᠭᠡᠢ ᠪᠡᠷ ᠭᠠᠷᠬᠤ ᠶᠤᠮ᠃
ᠮᠥᠨ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠠᠴᠠ ᠶᠡᠬᠡ ᠡᠵᠡᠨ ᠴᠢᠩᠭᠢᠰ ᠬᠠᠭᠠᠨ ᠤ ᠮᠡᠨᠳᠦᠯᠡᠭᠰᠡᠨ ᠮᠣᠩᠭᠣᠯ ᠪᠠᠬᠠᠷᠬᠠᠯ ᠤᠨ ᠡᠳᠦᠷ ᠦᠨ ᠬᠦᠷᠢᠶᠡᠨ ᠳᠦ ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ 2018 ᠣᠨ ᠤ ᠲᠠᠪᠤᠳᠤᠭᠠᠷ ᠰᠠᠷ᠎ᠠ ᠶᠢᠨ 3 ᠍ ᠤ ᠡᠳᠦᠷ ᠦᠨ 《ᠮᠣᠩᠭᠣᠯ ᠪᠢᠴᠢᠭ ᠦᠨ ᠬᠡᠷᠡᠭᠯᠡᠭᠡ ᠶᠢ ᠨᠡᠮᠡᠭᠳᠡᠭᠦᠯᠬᠦ ᠠᠵᠢᠯ ᠢ ᠡᠷᠴᠢᠮᠵᠢᠭᠦᠯᠬᠦ ᠲᠤᠬᠠᠢ》 46 ᠳ᠋ᠤᠭᠠᠷ ᠵᠠᠷᠯᠢᠭ ᠤᠨ ᠬᠡᠷᠡᠭᠵᠢᠯᠲᠡ ᠶᠢᠨ ᠲᠠᠯ᠎ᠠ ᠪᠠᠷ ᠬᠡᠯᠡᠯᠴᠡᠭᠦᠯᠭᠡ ᠶᠢ ᠶᠡᠷᠦᠩᠬᠡᠶᠢᠯᠡᠭᠴᠢ ᠶᠢᠨ ᠳᠡᠷᠭᠡᠳᠡᠬᠢ ᠢᠷᠭᠡᠨ ᠦ ᠲᠠᠩᠬᠢᠮ ᠳᠤ 2018 ᠣᠨ ᠤ ᠠᠷᠪᠠᠨ ᠨᠢᠭᠡᠳᠦᠭᠡᠷ ᠰᠠᠷ᠎ᠠ ᠶᠢᠨ 7 ᠍ ᠤ ᠡᠳᠦᠷ ᠦᠨ 11᠄00 ᠴᠠᠭ ᠠᠴᠠ ᠵᠣᠬᠢᠶᠠᠨ ᠪᠠᠶᠢᠭᠤᠯᠤᠨ᠎ᠠ᠃
ᠬᠡᠯᠡᠯᠴᠡᠭᠦᠯᠭᠡ ᠪᠡᠷ᠂ ᠮᠣᠩᠭᠣᠯ ᠪᠢᠴᠢᠭ ᠦᠨ ᠴᠠᠬᠢᠮ ᠺᠣᠳ᠋ ᠍ ᠢ ᠬᠡᠷᠡᠭᠯᠡᠬᠦ ᠦᠨᠳᠦᠰᠦᠨ ᠦ ᠰᠲ᠋ᠠᠨᠳᠠᠷᠲ ᠤᠨ ᠠᠰᠠᠭᠤᠳᠠᠯ᠂ ᠮᠣᠩᠭᠣᠯ ᠪᠢᠴᠢᠭ ᠦᠨ ᠳᠤᠮᠳᠠ ᠪᠣᠯᠤᠨ ᠤᠷᠲᠤ ᠬᠤᠭᠤᠴᠠᠭᠠᠨ ᠤ ᠦᠨᠳᠦᠰᠦᠨ ᠦ ᠬᠥᠲᠦᠯᠪᠦᠷᠢ ᠶᠢᠨ ᠲᠥᠰᠦᠯ᠂ ᠮᠣᠩᠭᠣᠯ ᠬᠡᠯᠡ᠂ ᠪᠢᠴᠢᠭ ᠦᠰᠦᠭ ᠢ ᠬᠡᠷᠡᠭᠯᠡᠬᠦ᠂ ᠬᠠᠮᠠᠭᠠᠯᠠᠬᠤ᠂ ᠬᠥᠭᠵᠢᠭᠦᠯᠬᠦ ᠲᠡᠢ ᠬᠣᠯᠪᠣᠭ᠎ᠠ ᠲᠠᠢ ᠪᠣᠳᠣᠯᠭ᠎ᠠ ᠶᠢᠨ ᠪᠠᠷᠢᠮᠲᠠ ᠪᠢᠴᠢᠭ ᠦᠨ ᠲᠥᠰᠦᠯ ᠢ ᠬᠡᠯᠡᠯᠴᠡᠬᠦ ᠶᠤᠮ᠃
8 0