ᠲᠠᠨ ᠤ ᠰᠤᠨᠢᠷᠬᠠᠯ
ᠮᠠᠷᠱᠠᠯ ᠤᠨ ᠵᠠᠬᠢᠳᠠᠯ ᠤᠳ №2᠄ ᠮᠠᠷᠱᠠᠯ ᠬ ∙ ᠴᠣᠶᠢᠪᠠᠯᠰᠠᠩ ᠠᠴᠠ ᠠ᠊ ∙ ᠠᠮᠤᠷ ᠲᠤ ᠪᠢᠴᠢᠭᠰᠡᠨ ᠵᠠᠬᠢᠳᠠᠯ
ᠮᠠᠷᠱᠠᠯ ᠤᠨ ᠵᠠᠬᠢᠳᠠᠯ ᠤᠳ №2᠄ ᠮᠠᠷᠱᠠᠯ ᠬ ∙ ᠴᠣᠶᠢᠪᠠᠯᠰᠠᠩ ᠠᠴᠠ ᠠ᠊ ∙ ᠠᠮᠤᠷ ᠲᠤ ᠪᠢᠴᠢᠭᠰᠡᠨ ᠵᠠᠬᠢᠳᠠᠯ
5602
2018-11-01 14:54
发表于:内蒙古
ᠮᠠᠷᠱᠠᠯ ᠤᠨ ᠵᠠᠬᠢᠳᠠᠯ ᠤᠳ №2᠄ ᠮᠠᠷᠱᠠᠯ ᠬ ∙ ᠴᠣᠶᠢᠪᠠᠯᠰᠠᠩ ᠠᠴᠠ ᠠ᠊ ∙ ᠠᠮᠤᠷ ᠲᠤ ᠪᠢᠴᠢᠭᠰᠡᠨ ᠵᠠᠬᠢᠳᠠᠯ
ᠰᠡᠳᠬᠦᠯᠴᠢ ᠡ᠊ ∙ ᠡᠩᠬᠡᠮᠠ
ᠲᠠᠩᠨᠠᠭᠤᠯ ᠤᠨ ᠶᠡᠷᠦᠩᠬᠡᠢ ᠭᠠᠵᠠᠷ ᠤᠨ ᠰᠤᠳᠤᠯᠤᠭᠠᠴᠢ ᠨ ∙ ᠪᠠᠲᠣᠪᠣᠯᠣᠳ ᠤᠨ ᠡᠷᠬᠢᠯᠡᠨ ᠭᠠᠷᠭᠠᠭᠰᠠᠨ 《ᠮᠠᠷᠱᠠᠯ ᠤᠨ ᠵᠠᠬᠢᠳᠠᠯ ᠤᠳ》 ᠨᠣᠮ ᠳᠤ ᠪᠠᠭᠲᠠᠭᠰᠠᠨ ᠵᠠᠬᠢᠳᠠᠯ ᠤᠳ ᠠᠴᠠ ᠬᠦᠷᠭᠡᠵᠦ ᠪᠠᠶᠢᠨ᠎ᠠ᠃
ᠮᠠᠷᠱᠠᠯ ᠬᠣᠷᠯᠤ᠎ᠠ ᠶᠢᠨ ᠴᠣᠶᠢᠪᠠᠯᠰᠠᠩ᠄
1895 ᠣᠨ ᠳᠤ ᠣᠳᠣ ᠶᠢᠨ ᠳᠣᠷᠣᠨᠠᠲᠤ ᠠᠶᠢᠮᠠᠭ ᠤᠨ ᠬᠡᠷᠡᠯᠥᠨ ᠴᠠᠭᠠᠨ ᠲᠠᠯᠠᠪᠠᠢ ᠬᠡᠮᠡᠬᠦ ᠭᠠᠵᠠᠷ ᠲᠤ ᠲᠦᠷᠦᠭᠰᠡᠨ᠃ 1921 ᠣᠨ ᠠᠴᠠ ᠴᠡᠷᠢᠭ ᠦᠨ ᠵᠥᠪᠯᠡᠯ ᠦᠨ ᠭᠡᠰᠢᠭᠦᠨ᠂ ᠳᠡᠳ᠋ ᠵᠠᠩᠵᠤᠨ᠂ ᠴᠡᠷᠢᠭ ᠦᠨ ᠶᠠᠮᠤᠨ ᠤ ᠣᠷᠣᠯᠠᠭᠴᠢ ᠰᠠᠶᠢᠳ᠂ ᠭᠠᠳᠠᠭᠠᠳᠤ ᠳᠣᠲᠣᠭᠠᠳᠤ ᠶᠠᠪᠤᠳᠠᠯ ᠤᠨ ᠶᠠᠮᠤᠨ ᠤ ᠰᠠᠶᠢᠳ᠂ ᠤᠯᠤᠰ ᠤᠨ ᠪᠠᠭ᠎ᠠ ᠬᠤᠷᠠᠯ ᠤᠨ ᠳᠠᠷᠤᠭ᠎ᠠ᠂ ᠮᠠᠯ ᠲᠠᠷᠢᠶᠠᠯᠠᠩ ᠤᠨ ᠶᠠᠮᠤᠨ ᠤ ᠰᠠᠶᠢᠳ 1940-1952 ᠣᠨ ᠬᠦᠷᠲᠡᠯ᠎ᠡ ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠶᠡᠷᠦᠩᠬᠡᠢ ᠰᠠᠶᠢᠳ ᠢᠶᠠᠷ ᠠᠵᠢᠯᠯᠠᠭᠰᠠᠨ᠃
ᠵᠠᠬᠢᠳᠠᠯ ᠤᠨ ᠬᠥᠷᠪᠡᠭᠦᠯᠭᠡ᠄
ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠰᠠᠶᠢᠳ ᠨᠠᠷ ᠤᠨ ᠵᠥᠪᠯᠡᠯ ᠦᠨ ᠳᠠᠷᠤᠭ᠎ᠠ ᠨᠥᠬᠥᠷ ᠠᠮᠤᠷ ᠲᠤ᠄
ᠵᠠᠰᠠᠭ ᠤᠨ ᠭᠠᠵᠠᠷ ᠤᠨ ᠲᠣᠭᠲᠠᠭᠠᠯ ᠢᠶᠠᠷ ᠳᠣᠲᠣᠭᠠᠳᠤ ᠬᠡᠷᠡᠭ ᠦᠨ ᠶᠠᠮᠤᠨ ᠤ ᠮᠣᠩᠭᠤᠯ ᠠᠷᠠᠳ ᠤᠨ ᠬᠤᠪᠢᠰᠬᠠᠯᠲᠤ ᠴᠡᠷᠢᠭ ᠦᠨ ᠪᠠᠷᠢᠭᠠᠳᠠ ᠶᠢᠨ ᠳᠠᠷᠤᠭ᠎ᠠ ᠳᠠᠮᠪᠠ ᠲᠣᠮᠢᠯᠠᠭᠳᠠᠪᠠ᠃ ᠮᠥᠨ ᠨᠥᠬᠥᠷ ᠳᠠᠮᠪᠠ ᠶᠢ ᠮᠢᠨᠦ ᠪᠡᠶ᠎ᠡ ᠮᠣᠩᠭᠣᠯ ᠠᠷᠠᠳ ᠤᠨ ᠬᠤᠪᠢᠰᠬᠠᠯᠲᠤ ᠨᠠᠮ ᠤᠨ ᠲᠥᠪ ᠬᠣᠷᠢᠶᠠᠨ ᠤ ᠵᠥᠪᠯᠡᠯ ᠲᠡᠢ ᠵᠥᠪᠰᠢᠯᠴᠡᠭᠰᠡᠨ ᠦ ᠦᠨᠳᠦᠰᠦᠨ ᠳᠡᠭᠡᠷ᠎ᠡ ᠬᠢᠯᠢ ᠬᠠᠮᠠᠭᠠᠯᠠᠬᠤ ᠭᠠᠵᠠᠷ ᠤᠨ ᠳᠠᠷᠤᠭ᠎ᠠ ᠪᠠᠷ ᠲᠣᠮᠢᠯᠠᠬᠤ ᠶᠢᠨ ᠵᠡᠷᠭᠡᠴᠡᠭᠡ ᠤᠯᠤᠰ ᠤᠨ ᠴᠠᠭᠳᠠᠨ ᠰᠡᠷᠭᠡᠶᠢᠯᠡᠬᠦ ᠶᠢᠨ ᠤᠳᠤᠷᠢᠳᠬᠤ ᠭᠠᠵᠠᠷ ᠤᠨ ᠤᠳᠤᠷᠢᠳᠬᠤ ᠠᠯᠪᠠᠨ ᠳᠤ ᠲᠤᠮᠢᠯᠠᠪᠠ᠃
ᠬᠢᠯᠢ ᠬᠠᠮᠠᠭᠠᠯᠠᠬᠤ ᠭᠠᠵᠠᠷ ᠤᠨ ᠤᠳᠤᠷᠢᠳᠬᠤ ᠭᠠᠵᠠᠷ ᠢ ᠲᠡᠷᠢᠭᠦᠯᠡᠬᠦ ᠳᠦ ᠪᠡᠨ ᠨᠥᠬᠥᠷ ᠳᠠᠮᠪᠠ ᠨᠢ ᠬᠢᠯᠢ ᠬᠠᠮᠠᠭᠠᠯᠠᠬᠤ ᠠᠵᠢᠯ ᠢ ᠰᠠᠶᠢᠵᠢᠷᠠᠭᠤᠯᠤᠨ ᠴᠢᠩᠭᠠᠷᠠᠭᠤᠯᠬᠤ᠂ ᠬᠢᠯᠢ ᠬᠠᠮᠠᠭᠠᠯᠠᠬᠤ ᠠᠩᠭᠢ ᠨᠢᠭᠡᠳᠬᠡᠯ ᠦᠨ ᠴᠡᠷᠢᠭ ᠦᠨ ᠪᠣᠯᠤᠨ ᠤᠯᠤᠰ ᠲᠥᠷᠥ ᠶᠢᠨ ᠪᠡᠯᠡᠳᠬᠡᠯ ᠢ ᠥᠨᠳᠥᠷᠵᠢᠭᠦᠯᠬᠦ᠂ ᠦᠨᠳᠦᠰᠦᠨ ᠦ ᠪᠣᠯᠪᠠᠰᠤᠨ ᠬᠦᠴᠦᠨ ᠪᠡᠯᠡᠳᠬᠡᠬᠦ ᠲᠤᠬᠠᠢ ᠳᠤ ᠶᠡᠬᠡᠳᠡ ᠬᠢᠴᠢᠶᠡᠯ ᠵᠢᠳᠬᠦᠯ ᠭᠠᠷᠭᠠᠨ ᠠᠵᠢᠯᠯᠠᠭᠰᠠᠨ ᠪᠣᠯᠤᠨ᠎ᠠ᠃
ᠴᠠᠭᠳᠠᠨ ᠰᠡᠷᠭᠡᠶᠢᠯᠡᠬᠦ ᠠᠵᠢᠯ ᠳᠤ ᠴᠤ ᠮᠥᠨ ᠶᠡᠬᠡᠬᠡᠨ ᠠᠮᠵᠢᠯᠲᠠ ᠭᠠᠷᠭᠠᠭᠰᠠᠨ ᠪᠤᠶᠤ ᠬᠤᠪᠢᠰᠬᠠᠯᠲᠤ ᠬᠠᠤᠯᠢ ᠲᠣᠭᠲᠠᠭᠠᠮᠵᠢ ᠶᠢᠨ ᠲᠥᠯᠦᠭᠡᠬᠢ ᠲᠡᠮᠡᠴᠡᠯ ᠢᠳᠡᠪᠬᠢᠵᠢᠵᠦ᠂ ᠭᠡᠮᠲᠦ ᠪᠦᠯᠦᠭᠯᠡᠯ ᠳᠦ ᠨᠣᠴᠢᠲᠠᠢ ᠴᠣᠬᠢᠯᠲᠠ ᠥᠭᠴᠦ᠂ ᠲᠥᠷᠥ ᠶᠢᠨ ᠪᠠᠶᠢᠭᠤᠯᠤᠯᠭ᠎ᠠ ᠶᠢᠨ ᠬᠠᠮᠠᠭᠠᠯᠠᠯᠲᠠ ᠰᠠᠶᠢᠵᠢᠷᠠᠵᠤ ᠲᠡᠭᠡᠭᠡᠪᠦᠷᠢ ᠶᠢᠨ ᠬᠡᠷᠡᠭᠰᠡᠯ ᠦᠨ ᠰᠠᠬᠢᠨ ᠬᠠᠮᠠᠭᠠᠯᠠᠬᠤ ᠲᠠᠯ᠎ᠠ ᠪᠠᠷ ᠰᠢᠢᠳᠪᠦᠷᠢ ᠲᠡᠢ ᠠᠷᠭ᠎ᠠ ᠬᠡᠮᠵᠢᠶ᠎ᠡ ᠨᠦᠭᠦᠳ ᠠᠪᠤᠭᠰᠠᠨ ᠪᠠᠶᠢᠨ᠎ᠠ᠃
ᠤᠷᠢᠳᠤ ᠨᠥᠬᠥᠷ ᠳᠠᠮᠪᠠ ᠨᠢ ᠠᠬᠠᠮᠠᠳ ᠫᠠᠷᠲ᠋ᠢᠽᠠᠨ ᠤ ᠨᠢᠭᠡ ᠪᠥᠭᠡᠳ ᠠᠷᠠᠳ ᠤᠨ ᠬᠤᠪᠢᠰᠬᠠᠯᠲᠤ ᠨᠡᠶᠢᠭᠡᠮ ᠪᠠᠶᠢᠭᠤᠯᠤᠭᠰᠠᠨ ᠤ ᠳᠠᠷᠠᠭ᠎ᠠ ᠨᠥᠬᠥᠷ ᠳᠠᠮᠪᠠ ᠨᠢ ᠮᠣᠩᠭᠤᠯ ᠠᠷᠠᠳ ᠤᠨ ᠬᠤᠪᠢᠰᠬᠠᠯᠲᠤ ᠴᠡᠷᠢᠭ ᠦᠨ ᠡᠩᠨᠡᠭᠡᠨ ᠳᠦ ᠪᠠᠶᠢᠵᠤ ᠳ᠋ᠢᠸᠢᠽᠢ ᠶᠢᠨ ᠵᠠᠬᠢᠷᠤᠭᠴᠢ᠂ ᠳᠣᠲᠣᠭᠠᠳᠤ ᠶᠢᠨ ᠴᠡᠷᠢᠭ ᠦᠨ ᠵᠠᠬᠢᠷᠤᠭᠴᠢ ᠵᠡᠷᠭᠡ ᠴᠡᠷᠢᠭ ᠦᠨ ᠥᠨᠳᠥᠷ ᠠᠯᠪᠠᠨ ᠲᠤᠰᠢᠶᠠᠯ ᠬᠠᠰᠢᠵᠤ ᠪᠠᠶᠢᠪᠠ᠃ ᠤᠯᠠᠮ ᠢᠶᠠᠷ ᠨᠥᠬᠥᠷ ᠳᠠᠮᠪᠠ ᠵᠥᠪᠯᠡᠯᠲᠦ ᠬᠣᠯᠪᠣᠭᠠᠲᠤ ᠤᠯᠤᠰ ᠤᠨ ᠴᠡᠷᠢᠭ ᠦᠨ ᠠᠺᠠᠳᠧᠮᠢ ᠳᠤ ᠰᠤᠷᠤᠯᠴᠠᠨ ᠴᠡᠷᠢᠭ ᠦᠨ ᠳᠡᠭᠡᠳᠦ ᠪᠣᠯᠪᠠᠰᠤᠷᠠᠯ ᠡᠵᠡᠮᠰᠢᠭᠰᠡᠨ᠃
ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠲᠤᠰᠠᠭᠠᠷ ᠲᠣᠭᠲᠠᠨᠢᠯ ᠤᠨ ᠲᠥᠯᠦᠭᠡᠬᠢ ᠬᠤᠪᠢᠰᠬᠠᠯᠲᠤ ᠲᠡᠮᠡᠴᠡᠯ ᠪᠣᠯᠤᠨ ᠤᠷᠢᠳᠤ ᠶᠢᠨ ᠪᠠᠶᠢᠯᠳᠤᠭᠠᠨ ᠤ ᠭᠠᠪᠢᠶ᠎ᠠ ᠶᠢ ᠨᠢ ᠦᠨᠡᠯᠡᠬᠦ ᠶᠢᠨ ᠤᠴᠢᠷ ᠡᠳᠦᠭᠡ ᠨᠥᠬᠥᠷ ᠳᠠᠮᠪᠠ ᠨᠢ ᠮᠣᠩᠭᠤᠯ ᠤᠨ ᠬᠤᠪᠢᠰᠬᠠᠯᠲᠤ ᠴᠡᠷᠢᠭ ᠍ ᠦᠨ ᠠᠯᠪᠠᠨ ᠤ ᠬᠦᠮᠦᠰ ᠲᠡᠢ ᠡᠩ ᠵᠡᠷᠭᠡᠴᠡᠨ ᠴᠡᠷᠢᠭ ᠦᠨ ᠳᠡᠭᠡᠳᠦ ᠴᠣᠯᠠ ᠬᠦᠷᠲᠡᠬᠦ ᠪᠦᠷᠢᠨ ᠡᠷᠬᠡ ᠲᠡᠢ ᠲᠤᠯᠠ ᠲᠠᠨ ᠳᠤ ᠡᠯ᠎ᠡ ᠡᠷᠭᠢᠴᠡᠭᠦᠯᠦᠯ ᠢ ᠢᠯᠡᠳᠬᠡᠬᠦ ᠶᠢᠨ ᠵᠡᠷᠭᠡᠴᠡᠭᠡ ᠨᠥᠬᠥᠷ ᠳᠠᠮᠪᠠ ᠍ ᠳᠦ ᠴᠡᠷᠢᠭ ᠦᠨ ᠳᠡᠭᠡᠳᠦ ᠴᠣᠯᠠ ᠪᠣᠯᠬᠤ ᠺᠣᠷᠫᠦᠰ ᠵᠠᠬᠢᠷᠤᠭᠴᠢ ᠴᠣᠯᠠ ᠣᠯᠭᠤᠨ᠎ᠠ ᠤᠤ ᠬᠡᠮᠡᠨ ᠬᠦᠰᠡᠵᠦ ᠪᠠᠶᠢᠨ᠎ᠠ᠃
ᠵᠠᠰᠠᠭ ᠤᠨ ᠭᠠᠵᠠᠷ ᠤᠨ ᠡᠯ᠎ᠡ ᠰᠢᠢᠳᠪᠦᠷᠢ ᠨᠢ ᠨᠥᠬᠥᠷ ᠳᠠᠮᠪᠠ ᠶᠢᠨ ᠴᠢᠨᠠᠭᠰᠢᠳᠠ ᠶᠢᠨ ᠬᠢᠯᠢ ᠬᠠᠮᠠᠭᠠᠯᠠᠬᠤ ᠪᠣᠯᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠠᠮᠵᠢᠯᠲᠠ ᠶᠢ ᠬᠥᠬᠢᠭᠦᠯᠦᠨ ᠳᠡᠮᠵᠢᠬᠦ ᠨᠢ ᠳᠠᠮᠵᠢᠭ ᠦᠭᠡᠢ᠃
ᠪᠦᠭᠦᠳᠡ ᠨᠠᠢᠷᠠᠮᠳᠠᠬᠤ ᠮᠣᠩᠭᠤᠯ ᠠᠷᠠᠳ ᠤᠯᠤᠰ ᠤᠨ ᠮᠠᠷᠱᠠᠯ ᠴᠣᠶᠢ᠍ᠪᠠᠯᠰᠠᠩ
1937 ᠣᠨ ᠬᠣᠶᠠᠳᠤᠭᠠᠷ ᠰᠠᠷ᠎ᠠ
ᠤᠯᠠᠭᠠᠨᠪᠠᠭᠠᠲᠤᠷ ᠬᠣᠲᠠ
ᠠᠳᠠᠨᠪᠤᠤ ᠶᠢᠨ ᠠᠮᠤᠷ
ᠲᠦᠰᠢᠶᠡᠲᠦ ᠬᠠᠨ ᠠᠶᠢᠮᠠᠭ ᠤᠨ ᠳᠠᠶᠢᠴᠢᠨ ᠸᠠᠩ ᠤᠨ ᠬᠣᠰᠢᠭᠤᠨ ᠤ ᠬᠠᠨᠵᠢᠷᠭᠠᠯᠠᠩᠲᠤ ᠬᠠᠶᠢᠷᠬᠠᠨ ᠤ ᠠᠷᠤ ᠮᠠᠭᠠᠯ ᠤᠨ ᠠᠮᠠ ᠬᠡᠮᠡᠬᠦ ᠭᠠᠵᠠᠷ ᠲᠤ ᠲᠦᠷᠦᠭᠰᠡᠨ᠃
1928-1930᠂ 1937-1939 ᠣᠨ ᠨᠤᠭᠤᠳ ᠲᠤ ᠮᠣᠩᠭᠣᠯ ᠤᠯᠤᠰ ᠤᠨ ᠶᠡᠷᠦᠩᠬᠡᠢ ᠰᠠᠶᠢᠳ ᠢᠶᠠᠷ ᠠᠵᠢᠯᠯᠠᠭᠰᠠᠨ᠃
1939 ᠣᠨ ᠳᠤ ᠤᠯᠤᠰ ᠲᠥᠷᠥ ᠶᠢᠨ ᠬᠢᠯᠢᠰ ᠬᠡᠷᠡᠭ ᠲᠦ ᠪᠠᠷᠢᠪᠴᠢᠯᠠᠭᠳᠠᠨ ᠵᠥᠪᠯᠡᠯᠲᠦ ᠬᠣᠯᠪᠣᠭᠠᠲᠤ ᠤᠯᠤᠰ ᠳᠦ 1941 ᠣᠨ ᠳᠤ ᠳᠡᠭᠡᠳᠦ ᠬᠡᠮᠵᠢᠶ᠎ᠡ ᠪᠡᠷ ᠰᠢᠳᠬᠡᠭᠳᠡᠭᠰᠡᠨ᠃
2
0