ᠥᠨᠥᠳᠥᠷ ᠤᠨ ᠬᠥᠬᠡᠬᠤᠲᠠ
ᠥᠭᠡᠷᠡᠴᠢᠯᠡᠯᠲᠡ ᠨᠡᠬᠡᠭᠡᠯᠲᠡ ᠶᠢᠨ 40 ᠵᠢᠯ ᠳᠤ ᠥᠪᠥᠷ ᠮᠣᠩᠭᠤᠯ 50 ᠭᠠᠷᠤᠢ ᠲᠦᠮᠡᠨ
ᠴᠥᠭᠡᠨ ᠲᠣᠭᠠᠲᠤ ᠦᠨᠳᠦᠰᠦᠲᠡᠨ ᠤ ᠣᠶᠤᠲᠠᠨ ᠬᠦᠮᠤᠵᠢᠭᠦᠯᠪᠡ
8858
2018-12-19 18:33
发表于:内蒙古
ᠰᠣᠨᠢᠨ ᠮᠡᠳᠡᠭᠡ - ᠥᠨᠥᠳᠥᠷ ᠤᠨ ᠬᠥᠬᠡᠬᠤᠲᠠ
ᠥᠭᠡᠷᠡᠴᠢᠯᠡᠯᠲᠡ ᠨᠡᠬᠡᠭᠡᠯᠲᠡ ᠶᠢᠨ 40 ᠵᠢᠯ ᠳᠤ ᠥᠪᠥᠷ ᠮᠣᠩᠭᠤᠯ 50 ᠭᠠᠷᠤᠢ ᠲᠦᠮᠡᠨ
ᠴᠥᠭᠡᠨ ᠲᠣᠭᠠᠲᠤ ᠦᠨᠳᠦᠰᠦᠲᠡᠨ ᠤ ᠣᠶᠤᠲᠠᠨ ᠬᠦᠮᠤᠵᠢᠭᠦᠯᠪᠡ
ᠨᠡᠶᠢᠲᠡᠯᠡᠭᠰᠡᠨ ᠴᠠᠭ᠄ 2018-12-18
ᠰᠢᠨᠬᠤᠸᠠ ᠬᠤᠷᠢᠶ᠎ᠠ ᠶᠢᠨ ᠬᠥᠬᠡᠬᠤᠲᠠ ᠶᠢᠨ 12 ᠰᠠᠷ᠎ᠠ ᠶᠢᠨ 16 ᠤ ᠡᠳᠦᠷ ᠤᠨ ᠴᠠᠬᠢᠯᠭᠠᠨ ᠮᠡᠳᠡᠭᠡ︵ᠰᠤᠷᠪᠤᠯᠵᠢᠯᠠᠭᠴᠢ ᠸᠠᠩ ᠵᠢᠩ︶ ᠰᠤᠷᠪᠤᠯᠵᠢᠯᠠᠭᠴᠢ 16 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤᠵᠠᠰᠠᠭ ᠤᠨ ᠣᠷᠳᠣᠨ ᠠᠴᠠ ᠣᠶᠢᠯᠠᠭᠠᠭᠰᠠᠨ ᠢᠶᠠᠷ᠂ ᠥᠭᠡᠷᠡᠴᠢᠯᠡᠯᠲᠡ ᠨᠡᠬᠡᠭᠡᠯᠲᠡ ᠶᠢᠨ 40 ᠵᠢᠯ ᠤᠨ ᠲᠤᠷᠰᠢ᠂ ᠥᠪᠥᠷ ᠮᠣᠩᠭᠤᠯᠦᠨᠳᠦᠰᠦᠲᠡᠨ ᠤ ᠰᠤᠷᠭᠠᠨ ᠬᠦᠮᠦᠵᠢᠯ ᠢ ᠶᠡᠬᠡᠪᠡᠷ ᠬᠦᠭᠵᠢᠭᠦᠯᠵᠦ᠂ ᠨᠡᠶᠢᠲᠡ 50.6 ᠲᠦᠮᠡᠨ ᠴᠥᠭᠡᠨ ᠲᠣᠭᠠᠲᠤᠦᠨᠳᠦᠰᠦᠲᠡᠨ ᠤ ᠣᠶᠤᠲᠠᠨ ᠢ ᠬᠦᠮᠦᠵᠢᠭᠦᠯᠵᠡᠢ᠃
ᠲᠠᠨᠢᠯᠴᠠᠭᠤᠯᠤᠭᠰᠠᠨ ᠢᠶᠠᠷ᠂ 40 ᠵᠢᠯ ᠤᠨ ᠲᠤᠷᠰᠢ᠂ ᠥᠪᠥᠷ ᠮᠣᠩᠭᠤᠯ ᠦᠨᠳᠦᠰᠦᠲᠡᠨ ᠤ ᠰᠤᠷᠭᠠᠨ ᠬᠦᠮᠦᠵᠢᠯ ᠢ︽ᠡᠩ ᠲᠡᠷᠢᠭᠦᠨ ᠳᠤ ᠭᠤᠣᠯᠳᠠᠯᠭ᠎ᠠ ᠲᠠᠢ︾ ᠬᠦᠭᠵᠢᠭᠦᠯᠬᠦ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠰᠤᠷᠭᠠᠨ ᠬᠦᠮᠦᠵᠢᠯ ᠤᠨ ᠳᠥᠷᠢᠮ︾ ᠵᠡᠷᠭᠡ ᠠᠯᠢ ᠣᠯᠠᠨ ᠬᠠᠥᠯᠢ ᠴᠠᠭᠠᠵᠠ ᠶᠢᠨ ᠪᠢᠴᠢᠭᠮᠠᠲ᠋ᠧᠷᠢᠶᠠᠯ ᠢ ᠪᠠᠲᠤᠯᠠᠵᠤ᠂ ᠦᠨᠳᠦᠰᠦᠲᠡᠨ ᠤ ᠰᠤᠷᠭᠠᠨ ᠬᠦᠮᠦᠵᠢᠯ ᠤᠨ ᠲᠤᠬᠠᠢ ᠲᠥᠷᠥ ᠶᠢᠨ ᠪᠣᠳᠣᠯᠭ᠎ᠠ ᠶᠢᠨ ᠬᠠᠥᠯᠢᠴᠠᠭᠠᠵᠠ ᠶᠢᠨ ᠪᠠᠲᠤᠯᠠᠭ᠎ᠠ ᠶᠢ ᠴᠢᠩᠭᠠᠳᠬᠠᠵᠠᠢ᠃ ᠥᠪᠥᠷ ᠮᠣᠩᠭᠤᠯ ᠪᠠᠰᠠ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠦᠨᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠬᠦ ᠶᠢ ᠦᠨᠳᠦᠰᠦᠲᠡᠨ ᠤ ᠰᠤᠷᠭᠠᠨ ᠬᠦᠮᠦᠵᠢᠯ ᠤᠨ ᠪᠦᠬᠦ ᠶᠠᠪᠤᠴᠠ ᠳ᠋ᠤ᠋ᠠᠭᠤᠰᠬᠠᠨ ᠨᠡᠶᠢᠯᠡᠭᠦᠯᠵᠦ᠂ ᠨᠠᠮ ᠤᠨ ᠦᠨᠳᠦᠰᠦᠲᠡᠨ ᠤ ᠣᠨᠣᠯ᠂ ᠦᠨᠳᠦᠰᠦᠲᠡᠨ ᠤ ᠲᠥᠷᠥ ᠶᠢᠨ ᠪᠣᠳᠣᠯᠭ᠎ᠠ ᠪᠣᠯᠣᠨ ᠰᠢᠨᠡᠮᠠᠶ᠋ᠢᠭ ᠤᠨ ᠦᠨᠳᠦᠰᠦᠲᠡᠨ ᠤ ᠬᠠᠷᠢᠴᠠᠭᠠᠨ ᠤ ᠲᠤᠬᠠᠢ ᠮᠡᠳᠡᠯᠭᠡ ᠶᠢ ᠵᠢᠭᠠᠬᠤ ᠮᠠᠲ᠋ᠧᠷᠢᠶᠠᠯ ᠳᠤ ᠣᠷᠤᠭᠤᠯᠵᠤ᠂ ᠬᠢᠴᠢᠶᠡᠯ ᠦᠨᠲ᠋ᠢᠩᠬᠢᠮ ᠳᠤ ᠣᠷᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠠᠢ᠃ ᠡᠭᠦᠨ ᠤ ᠬᠠᠮᠲᠤ᠂ ᠥᠪᠥᠷ ᠮᠣᠩᠭᠤᠯ ︽ᠬᠤᠣᠰ ᠬᠡᠯᠡᠨ ᠦᠵᠢᠭᠠᠨ ᠰᠤᠷᠭᠠᠯᠲᠠ︾ ᠶᠢᠨ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠮᠣᠩᠭᠤᠯ ᠬᠢᠲᠠᠳ ᠬᠤᠶᠠᠷᠬᠡᠯᠡ ᠳᠤ ᠨᠡᠪᠲᠡᠷᠡᠬᠦ ᠪᠠᠷ ᠦᠨᠳᠦᠰᠦᠨ ᠬᠠᠷᠠᠯᠲᠠ ᠪᠣᠯᠭᠠᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠠᠴᠠ ᠳᠤᠮᠳᠠᠳᠤ ᠪᠠᠭ᠎ᠠᠰᠤᠷᠭᠠᠭᠤᠯᠢ ᠪᠣᠯᠣᠨ ᠶᠡᠭᠡ ᠳᠡᠭᠡᠳᠦ ᠰᠤᠷᠭᠠᠭᠤᠯᠢ ᠬᠦᠷᠲᠡᠯᠡᠬᠢ ᠡᠯ᠎ᠡ ᠱᠠᠲᠤ ᠦᠶ᠎ᠡ ᠶᠢ ᠪᠦᠲᠦᠮᠵᠢᠲᠡᠢ ᠵᠣᠯᠭᠠᠭᠤᠯᠵᠤ᠂ᠪᠠᠭᠰᠢ ᠶᠢᠨ ᠡᠩᠨᠡᠭᠡ ᠪᠠ ᠵᠢᠭᠠᠨ ᠰᠤᠷᠭᠠᠯᠲᠠ ᠶᠢᠨ ᠡᠬᠢ ᠪᠠᠶᠠᠯᠢᠭ ᠨᠢ ᠬᠡᠷᠡᠭᠴᠡᠭᠡ ᠶᠢ ᠬᠠᠩᠭᠠᠭᠰᠠᠨ ᠬᠤᠣᠰ ᠬᠡᠯᠡᠨ ᠤ ᠰᠤᠷᠭᠠᠨᠬᠦ᠋ᠮᠦᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃
ᠡᠯ᠎ᠡ ᠱᠠᠲᠤᠨ ᠤ ᠡᠳ᠋ ᠤᠨ ᠵᠠᠰᠠᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠦᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠲᠡ ᠳᠤ ᠣᠷᠣᠭᠤᠯᠤᠭᠰᠠᠨ ᠲᠤᠰᠬᠠᠢ ᠵᠦᠢᠯ ᠤᠨ ᠪᠡᠯᠡ ᠮᠦᠩᠭᠦ ︽ᠠᠷᠪᠠᠳᠤᠭᠠᠷᠲ᠋ᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠤ ᠨᠢᠭᠡ ᠳ᠋ᠦᠩᠰᠢᠭᠤᠷ ᠰᠢᠬᠠᠮ ᠲᠥᠭᠦᠷᠢᠭ ᠠᠴᠠ ︽ᠠᠷᠪᠠᠨᠨᠢᠭᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢᠨ 12 ᠳ᠋ᠦᠩᠰᠢᠭᠤᠷ ᠰᠢᠬᠠᠮ ᠲᠦᠭᠦᠷᠢᠭ ᠲᠤ ᠬᠦᠷᠴᠦ᠂ ︽ᠠᠷᠪᠠᠨᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ︾ ᠶᠢᠨ ᠬᠤᠭᠤᠴᠠᠭᠠᠨ ᠳᠤ 20 ᠳ᠋ᠦᠩᠰᠢᠭᠤᠷ ᠰᠢᠬᠠᠮ ᠲᠦᠭᠦᠷᠢᠭ ᠲᠦᠬᠦ᠋ᠷᠴᠡᠢ᠃ ᠣᠳᠣᠬᠠᠨ᠂ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠵᠢᠨᠲ᠋ᠤᠭ᠎ᠠ 96.9 ᠲᠦᠮᠡᠨ ᠬᠦᠮᠦᠨ ᠳᠤ ᠬᠦᠷᠴᠦ᠂ 1978 ᠣᠨ ᠲᠠᠢ ᠬᠠᠷᠢᠴᠠᠭᠤᠯᠪᠠᠯ 38.6 ᠲᠦᠮᠡᠨ ᠬᠦᠮᠦᠨᠨᠡᠮᠡᠭᠳᠡᠵᠡᠢ᠃
ᠢᠷᠡᠯᠲᠡ᠄ ᠠᠷᠠᠳ ᠤᠨ ᠰᠦᠯᠵᠢᠶ᠎ᠡ
2 0